ᠴᠤᠤᠯ ᠭᠤᠣᠯ ᠤᠨ ᠤᠰᠤ ᠶᠢ ᠳᠠᠳᠠᠵᠦ ᠯᠢᠶᠤᠤᠾᠧ ᠤᠷᠤᠨ ᠢ ᠳᠤᠰᠠᠯᠠᠬᠤ ᠤᠰᠤ ᠳᠠᠮᠵᠢᠭᠤᠯᠬᠤ ᠢᠨᠵᠧᠨᠧᠷᠢᠩ ᠤᠨ ᠨᠦᠬᠡᠨ ᠵᠠᠮ ᠤᠨ ᠬᠡᠰᠡᠭ ᠢ ᠲᠤᠷᠰᠢᠨ ᠤᠰᠤ ᠨᠡᠪᠲᠡᠷᠡᠭᠦᠯᠪᠡ
ᠨᠡᠶᠢᠲᠡᠯᠡᠭᠰᠡᠨ ᠴᠠᠭ᠄
2025/6/3
     5 ᠰᠠᠷ᠎ᠠ ᠶᠢᠨ 21᠎ ᠤᠨ ᠡᠳᠦᠷ ᠤᠨ 10 ᠴᠠᠭ ᠤᠨ ᠦᠶ᠎ᠡ ᠪᠠᠷ᠂ ᠴᠤᠤᠯ ᠭᠤᠣᠯ ᠤᠨ ᠤᠰᠤ ᠶᠢ ᠲᠠᠲᠠᠵᠤ ᠯᠢᠶᠣᠤᠾᠧ ᠤᠷᠤᠨ ᠢ ᠳᠤᠰᠠᠯᠠᠬᠤ ᠺᠣᠮᠫᠠᠨᠢ ᠶᠢᠨ ᠵᠢᠯᠣᠭᠤᠳᠤᠨ ᠲᠤᠬᠢᠷᠠᠭᠤᠯᠬᠤ ᠲᠥᠪ ᠲᠤ᠂ ᠲᠤᠬᠠᠢ ᠶᠢᠨ ᠲᠠᠯᠠᠪᠠᠢ ᠶᠢᠨ ᠶᠡᠷᠦᠩᠬᠡᠢ ᠵᠢᠯᠤᠭᠤᠳᠤᠭᠴᠢ ᠶᠢᠨ ᠵᠠᠷᠯᠢᠭ ᠳᠣᠣᠷ᠎ᠠ᠂ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠬᠢᠯᠢ ᠳᠣᠲᠣᠷ᠎ᠠ ᠪᠠᠶᠢᠭ᠎ᠠ ᠴᠤᠤᠯ ᠭᠤᠣᠯ ᠤᠨ ᠤᠰᠤ ᠶᠢ ᠲᠠᠲᠠᠵᠤ ᠯᠢᠶᠣᠤᠾᠧ ᠤᠷᠤᠨ ᠢ ᠳᠤᠰᠠᠯᠠᠬᠤ ᠢᠨᠵᠧᠨᠧᠷᠢᠩ ᠤᠨ ᠤᠰᠤᠨ ᠠᠮᠠᠰᠠᠷ ᠤᠨ ᠨᠤᠮᠤᠨ ᠬᠡᠯᠪᠡᠷᠢᠲᠦ ᠠᠵᠢᠯ ᠤᠨ ᠬᠠᠭᠠᠯᠲᠠ ᠠᠯᠭᠤᠷᠬᠠᠨ ᠡᠷᠭᠦᠭᠳᠡᠵᠦ᠂ ᠴᠤᠤᠯ ᠭᠤᠣᠯ ᠤᠨ ᠤᠰᠤ ᠶᠢ ᠳᠠᠳᠠᠵᠦ ᠯᠢᠶᠤᠤᠾᠧ ᠤᠷᠤᠨ ᠢ ᠳᠤᠰᠠᠯᠠᠬᠤ ᠤᠰᠤ ᠳᠠᠮᠵᠢᠭᠤᠯᠬᠤ ᠢᠨᠵᠧᠨᠧᠷᠢᠩ ᠤᠨ ᠨᠦᠬᠡᠨ ᠵᠠᠮ ᠤᠨ ᠬᠡᠰᠡᠭ ᠲᠤ ᠤᠰᠤ ᠨᠡᠪᠲᠡᠷᠡᠪᠡ᠃ ᠡᠨᠡ ᠨᠢ ᠴᠤᠤᠯ ᠭᠤᠣᠯ ᠤᠨ ᠤᠰᠤ ᠶᠢ ᠲᠠᠲᠠᠵᠤ ᠯᠢᠶᠣᠤᠾᠧ ᠤᠷᠤᠨ ᠢ ᠳᠤᠰᠠᠯᠠᠬᠤ ᠤᠰᠤ ᠳᠠᠮᠵᠢᠭᠤᠯᠬᠤ ᠢᠨᠵᠧᠨᠧᠷᠢᠩ ᠤᠨ ᠨᠦᠬᠡᠨ ᠵᠠᠮ ᠤᠨ 1 ᠳ᠋ᠣᠭᠡᠷ ᠢᠨᠵᠧᠨᠧᠷᠢᠩ ᠨᠢ ᠤᠰᠤ ᠨᠡᠪᠲᠡᠷᠡᠭᠦᠯᠬᠦ ᠬᠠᠷᠠᠯᠲᠠ ᠲᠡᠶᠢᠰᠢ ᠪᠠᠰᠠ ᠨᠢᠭᠡ ᠠᠯᠬᠤᠮ ᠣᠶᠢᠷᠠᠲᠤᠭᠰᠠᠨ ᠢ ᠬᠠᠷᠠᠭᠤᠯᠵᠦ ᠪᠤᠢ᠃     ᠴᠤᠤᠯ ᠭᠤᠣᠯ ᠤᠨ ᠤᠰᠤ ᠶᠢ ᠳᠠᠳᠠᠵᠦ ᠯᠢᠶᠣᠤᠾᠧ ᠤᠷᠤᠨ ᠢ ᠳᠤᠰᠠᠯᠠᠬᠤ ᠺᠣᠮᠫᠠᠨᠢ ᠶᠢᠨ ᠶᠡᠷᠦᠩᠬᠡᠢ ᠦᠢᠯᠡᠳᠪᠦᠷᠢ ᠶᠢᠨ ᠠᠯᠪᠠᠨ ᠭᠡᠷ ᠤᠨ ᠳᠡᠳ᠋ ᠳᠠᠭᠠᠭᠠᠮᠠᠯ ᠵᠠᠩ ᠱᠢ ᠯᠸᠢ᠄ ︽ᠴᠤᠤᠯ ᠭᠤᠣᠯ ᠤᠨ ᠤᠰᠤ ᠶᠢ ᠲᠠᠲᠠᠵᠤ ᠯᠢᠶᠣᠤᠾᠧ ᠤᠷᠤᠨ ᠢ ᠳᠤᠰᠠᠯᠠᠬᠤ ᠢᠨᠵᠧᠨᠧᠷᠢᠩ ᠤᠨ ᠨᠦᠬᠡᠨ ᠵᠠᠮ ᠤᠨ ᠪᠦᠬᠦ ᠣᠷᠳᠣ ᠨᠢ 183.590 ᠺᠢᠯᠣᠮᠧᠲᠷ ᠪᠠᠶᠢᠵᠤ᠂ 3 ᠡᠳᠦᠷ ᠤᠨ ᠴᠠᠭ ᠢ ᠠᠰᠢᠭᠯᠠᠵᠣ᠂ ᠭᠤᠷᠪᠠᠨ ᠬᠡᠰᠡᠭ ᠬᠤᠪᠢᠶᠠᠨ ᠤᠰᠤ ᠳᠠᠮᠵᠢᠭᠤᠯᠬᠤ ᠢᠨᠵᠧᠨᠧᠷᠢᠩ ᠤᠨ ᠨᠦᠬᠡᠨ ᠵᠠᠮ ᠤᠨ ᠤᠰᠤ ᠨᠡᠪᠳᠡᠷᠡᠬᠦ ᠠᠵᠢᠯ ᠢ ᠪᠡᠶᠡᠯᠡᠭᠦᠯᠬᠦ ᠪᠠᠷ ᠲᠥᠯᠥᠪᠯᠡᠵᠦ ᠪᠤᠢ︾ ᠭᠡᠵᠦ ᠳᠠᠨᠢᠯᠴᠠᠭᠤᠯᠵᠦ ᠪᠠᠶᠢᠯ᠎ᠠ᠃ ᠳᠡᠷᠡ ᠵᠠᠯᠭᠠᠭᠠᠳ ︽ᠥᠨᠥᠳᠦᠷ ᠴᠤᠤᠯ ᠭᠤᠣᠯ ᠤᠨ ᠤᠰᠤ ᠶᠢ ᠲᠠᠲᠠᠵᠤ ᠯᠢᠶᠣᠤᠾᠧ ᠤᠷᠤᠨ ᠢ ᠳᠤᠰᠠᠯᠠᠬᠤ ᠢᠨᠵᠧᠨᠧᠷᠢᠩ ᠤᠨ ᠤᠰᠦ ᠨᠡᠪᠳᠡᠷᠡᠭᠰᠡᠨ ᠨᠢ ᠪᠠᠷᠢᠯᠭ᠎ᠠ ᠶᠢᠨ ᠶᠠᠰᠤ ᠴᠢᠨᠠᠷ ᠢ ᠪᠦᠬᠦ ᠲᠠᠯ᠎ᠠ ᠪᠠᠷ ᠰᠢᠯᠭᠠᠨ ᠪᠠᠶᠢᠴᠠᠭᠠᠬᠤ ᠵᠠᠩᠭᠢᠯᠠᠭ᠎ᠠ ᠶᠢᠨ ᠭᠤᠭᠴᠤᠭ᠎ᠠ ᠪᠤᠯᠤᠨ᠎ᠠ᠃ ᠤᠰᠦ ᠨᠡᠪᠳᠡᠷᠡᠭᠦᠯᠭᠦ ᠪᠠᠷ ᠳᠠᠮᠵᠢᠨ ᠨᠦᠬᠡᠨ ᠵᠠᠮ ᠳᠤ ᠦᠯᠡᠳᠡᠭᠳᠡᠵᠦ ᠪᠠᠶᠢᠭ᠎ᠠ ᠰᠢᠪᠠᠷ ᠡᠯᠡᠰᠦ ᠵᠡᠷᠭᠡ ᠡᠯᠳᠡᠪ ᠪᠣᠳᠠᠰ ᠢ ᠠᠷᠢᠯᠭᠠᠨ᠂ ᠪᠦᠬᠦ ᠱᠤᠭᠤᠮ ᠢᠶᠠᠷ ᠤᠰᠤ ᠨᠡᠪᠲᠡᠷᠡᠭᠦᠯᠬᠦ ᠳᠤ ᠤᠰᠤ ᠳᠠᠮᠵᠢᠭᠤᠯᠬᠤ ᠲᠣᠭᠲᠠᠭᠤᠨ ᠣᠷᠴᠢᠨ ᠲᠣᠭᠤᠷᠢᠨ ᠢ ᠪᠣᠶ ᠪᠣᠯᠭᠠᠵᠤ ᠥᠭᠪᠡ᠃ ᠳᠡᠷᠡ ᠮᠦᠷᠳᠡᠬᠡᠨ ᠪᠥᠬᠦ ᠶᠠᠪᠤᠴᠠ ᠳᠤ ᠬᠢᠨᠠᠨ ᠬᠡᠮᠵᠢᠬᠦ ᠰᠢᠰᠲ᠋ᠧᠮ ᠢ ᠬᠡᠷᠡᠭᠯᠡᠨ ᠤᠰᠤᠨ ᠲᠦᠪᠰᠢᠨ᠂ ᠤᠷᠤᠰᠬᠠᠯ ᠤᠨ ᠬᠤᠪᠢᠷᠠᠯᠲᠠ ᠵᠢᠴᠢ ᠪᠠᠷᠢᠯᠭ᠎ᠠ ᠶᠢᠨ ᠠᠮᠤᠷ ᠲᠦᠪᠰᠢᠨ ᠤ ᠪᠠᠶᠢᠳᠠᠯ ᠢ ᠴᠠᠭ ᠲᠤᠬᠠᠶ ᠳᠤᠨᠢ ᠬᠢᠨᠠᠨ ᠡᠵᠡᠮᠳᠡᠬᠦ ᠶᠢ ᠪᠠᠳᠤᠯᠠᠵᠠᠢ᠃ ᠣᠳᠣᠬᠠᠨ ᠳᠤ ᠪᠥᠲᠥᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠠ ᠤᠰᠤ ᠨᠡᠪᠲᠡᠷᠡᠭᠦᠯᠬᠦ ᠬᠠᠷᠠᠯᠲᠠ ᠶᠢᠨ ᠲᠣᠭᠤᠷᠢᠨ ᠳᠤ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ ᠪᠥᠬᠦ ᠬᠦᠴᠦᠨ ᠢᠶᠠᠷ ᠢᠶᠠᠨ ᠰᠢᠪᠲᠤᠯᠤᠯᠲᠠ ᠬᠢᠵᠦ᠂ ᠤᠰᠤ ᠨᠡᠪᠲᠡᠷᠡᠭᠦᠯᠬᠦ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨ ᠬᠦ ᠪᠠᠲᠤᠯᠠᠵᠤ ᠪᠠᠶᠢᠨ᠎ᠠ︾ ᠭᠡᠵᠦ ᠬᠡᠯᠡᠪᠡ᠃     ᠶᠡᠷᠦᠩᠬᠡᠢ ᠪᠡᠯᠡ ᠣᠷᠣᠭᠤᠯᠤᠯᠲᠠ ᠨᠢ 252.16 ᠳ᠋ᠦᠩᠰᠢᠭᠤᠷ ᠲᠥᠭᠦᠷᠢᠭ ᠤᠨ ᠴᠤᠤᠯ ᠭᠤᠣᠯ ᠤᠨ ᠤᠰᠤ ᠶᠢ ᠲᠠᠲᠠᠵᠤ ᠯᠢᠶᠣᠤᠾᠧ ᠤᠷᠤᠨ ᠢ ᠳᠤᠰᠠᠯᠠᠬᠤ ᠢᠨᠵᠧᠨᠧᠷᠢᠩ ᠪᠣᠯ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠲᠣᠭᠲᠠᠭᠠᠭᠰᠠᠨ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠬᠤᠭᠤᠴᠠᠭᠠᠨ ᠤ 172 ᠵᠦᠢᠯ ᠤᠨ ᠤᠰᠤ ᠠᠷᠪᠢᠯᠠᠬᠤ ᠤᠰᠤ ᠬᠠᠩᠭᠠᠬᠤ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ ᠨᠢᠭᠡ ᠪᠠᠶᠢᠵᠤ᠂ ᠤᠯᠤᠰ ᠤᠨ ᠤᠰᠤᠨ ᠠᠰᠢᠭᠯᠠᠯᠲᠠ ᠶᠢᠨ ᠲᠣᠣᠷ ᠤᠨ ᠭᠤᠣᠯᠯᠠᠭᠴᠢ ᠢᠨᠵᠧᠨᠧᠷᠢᠩ ᠳᠤ ᠬᠠᠷᠢᠶᠠᠯᠠᠭᠳᠠᠵᠤ᠂ ᠮᠥᠨᠴᠦ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠳᠤ ᠪᠣᠯᠲᠠᠯ᠎ᠠ ᠪᠡᠯᠡ ᠣᠷᠣᠭᠤᠯᠤᠯᠲᠠ ᠶᠢᠨ ᠬᠡᠪᠴᠢᠶ᠎ᠡ ᠪᠠᠷ ᠬᠠᠮᠤᠭ ᠤᠨ ᠶᠡᠭᠡ ᠤᠰᠤᠨ ᠠᠰᠢᠭᠯᠠᠯᠲᠠ ᠶᠢᠨ ᠪᠠᠷᠢᠯᠭ᠎ᠠ ᠪᠣᠯᠤᠨ᠎ᠠ᠃ ᠴᠤᠤᠯ ᠭᠤᠣᠯ ᠤᠨ ᠤᠰᠤ ᠶᠢ ᠲᠠᠲᠠᠵᠤ ᠯᠢᠶᠣᠤᠾᠧ ᠤᠷᠤᠨ ᠢ ᠳᠤᠰᠠᠯᠠᠬᠤ ᠢᠨᠵᠧᠨᠧᠷᠢᠩ ᠨᠢ ᠦᠨᠳᠡᠭᠡᠨ ᠤᠰᠤᠨ ᠠᠰᠢᠭᠯᠠᠯᠲᠠ ᠶᠢᠨ ᠬᠦᠢᠰᠦ ︵ᠤᠰᠤᠨ ᠰᠤᠷᠪᠤᠯᠵᠢ ᠶᠢᠨ ᠢᠨᠵᠧᠨᠧᠷᠢᠩ︶ ᠪᠣᠯᠤᠨ ᠤᠰᠤ ᠳᠠᠮᠵᠢᠭᠤᠯᠬᠤ ᠪᠠᠷᠢᠯᠭ᠎ᠠ ᠵᠡᠷᠭᠡ ᠬᠤᠶᠠᠷ ᠶᠡᠭᠡ ᠬᠡᠰᠡᠭ ᠢᠶᠠᠷ ᠪᠦᠷᠢᠯᠳᠦᠵᠦ᠂ ᠤᠰᠤ ᠳᠠᠮᠵᠢᠭᠤᠯᠬᠤ ᠱᠤᠭᠤᠮ ᠤᠨ ᠪᠦᠬᠦ ᠣᠷᠳᠣ ᠨᠢ 391.036 ᠺᠢᠯᠣᠮᠧᠲᠷ ᠪᠠᠶᠢᠵᠤ᠂ ᠡᠭᠦᠨ ᠳᠤ ᠤᠰᠤ ᠳᠠᠮᠵᠢᠭᠤᠯᠬᠤ ᠪᠠᠷᠢᠯᠭ᠎ᠠ ᠶᠢᠨ ᠨᠦᠬᠡᠨ ᠵᠠᠮ ᠤᠨ ᠪᠦᠬᠦ ᠣᠷᠳᠣ ᠨᠢ 183.590 ᠺᠢᠯᠣᠮᠧᠲᠷ ᠪᠤᠢ᠃     ᠴᠤᠤᠯ ᠭᠤᠣᠯ ᠤᠨ ᠤᠰᠤ ᠶᠢ ᠲᠠᠲᠠᠵᠤ ᠯᠢᠶᠣᠤᠾᠧ ᠤᠷᠤᠨ ᠢ ᠲᠤᠰᠠᠯᠠᠬᠤ ᠢᠨᠵᠧᠨᠧᠷᠢᠩ ᠢ ᠬᠡᠷᠡᠭᠵᠢᠭᠦᠯᠥᠭᠰᠡᠨ ᠤ ᠳᠠᠷᠠᠭ᠎ᠠ᠂ ᠵᠢᠯ ᠪᠦᠷᠢ ᠨᠤᠨ ᠮᠥᠷᠡᠨ ᠤ ᠰᠠᠯᠪᠤᠷᠢ ᠤᠷᠤᠰᠬᠠᠯ ᠪᠤᠯᠬᠤ ᠴᠤᠤᠯ ᠭᠤᠣᠯ ᠠᠴᠠ 4.54 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠰᠤ ᠲᠠᠲᠠᠬᠤ ᠪᠣᠯᠣᠨ᠎ᠠ᠃ ᠬᠢᠩᠭᠠᠨ ᠠᠶᠢᠮᠠᠭ᠂ ᠲᠦᠩᠯᠢᠶᠣᠤ ᠬᠤᠳᠠ ᠶᠢᠨ ᠵᠠᠮ ᠳᠠᠭᠠᠤ ᠶᠢᠨ 8 ᠬᠤᠰᠢᠭᠤ ᠰᠢᠶᠠᠨ ᠬᠤᠳᠠ ᠲᠣᠭᠤᠷᠢᠭ ᠤᠨ 10 ᠠᠵᠤ ᠦᠢᠯᠡᠳᠪᠦᠷᠢ ᠶᠢᠨ ᠤᠷᠤᠨ ᠲᠣᠭᠤᠷᠢᠭ ᠤᠨ 300 ᠭᠠᠷᠤᠢ ᠲᠦᠮᠡᠨ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠤᠰᠤ ᠬᠡᠷᠡᠭᠯᠡᠬᠦ ᠨᠥᠬᠦᠴᠡᠯ ᠢ ᠪᠦᠲᠦᠮᠵᠢᠲᠡᠢ ᠰᠠᠶᠢᠵᠢᠷᠠᠭᠤᠯᠬᠤ᠂ ᠪᠠᠷᠠᠭᠤᠨ ᠯᠢᠶᠣᠤᠾᠧ ᠭᠤᠣᠯ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠳᠤᠲᠠᠭᠳᠠᠬᠤ᠂ ᠣᠷᠣᠨ ᠪᠦᠰᠡ ᠶᠢᠨ ᠠᠮᠢ ᠠᠬᠤᠢ ᠣᠷᠴᠢᠨ ᠲᠣᠭᠤᠷᠢᠨ ᠢ ᠰᠠᠶᠢᠵᠢᠷᠠᠭᠤᠯᠬᠤ᠂ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠠᠴᠢ ᠬᠤᠯᠪᠣᠭᠳᠠᠯ ᠲᠠᠢ ᠶᠤᠮ᠃             ︵ᠯᠢ ᠤᠭ᠍ᠶᠦ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号