| ᠡᠨᠡ ᠵᠢᠯ᠂ ᠵᠠᠯᠠᠶᠢᠳ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ | ᠬᠠᠮᠢᠶᠠᠷᠤᠯᠲᠠ ᠶᠢᠨ ᠲᠣᠪᠴᠢᠶ᠎ᠠ ᠲᠣᠭᠠᠴᠢᠯᠠᠭᠰᠠᠨ ᠬᠤᠪᠢᠰᠤᠯᠲᠠ ᠪᠠᠷ ᠵᠢᠯᠣᠭᠤᠳᠤᠮᠵᠢ ᠪᠣᠯᠭᠠᠵᠤ᠂ ᠡᠯ᠎ᠡ ᠲᠥᠷᠥᠯ ᠤᠨ | ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠯᠧᠮᠧᠨ᠋ᠲ ᠢ ᠡᠮᠬᠢᠯᠡᠨ ᠨᠡᠶᠢᠯᠡᠭᠦᠯᠵᠦ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ᠂ ᠵᠢᠷᠤᠮᠵᠢᠭᠤᠯᠤᠯᠲᠠ᠂ ᠳᠥᠭᠦᠮᠴᠢᠯᠡᠯᠲᠡ᠂ ᠲᠣᠭᠠᠴᠢᠯᠠᠭᠰᠠᠨ | ᠪᠠᠶᠢᠭᠤᠯᠤᠯᠲᠠ ᠶᠢ ᠠᠬᠢᠭᠤᠯᠵᠤ᠂ ᠠᠵᠢᠯ ᠶᠠᠪᠤᠳᠠᠯ ᠭᠦᠢᠴᠡᠳᠭᠡᠬᠦ ᠠᠵᠤ ᠠᠬᠤᠶᠢᠯᠠᠯ ᠪᠤᠯᠤᠨ ᠣᠯᠠᠨ ᠲᠦᠮᠡᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠶᠢᠯᠠᠭᠠᠯᠲᠠ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃ | ᠥᠩᠭᠡᠷᠡᠭᠰᠡᠨ ᠳᠤ᠂ ᠤᠯᠠᠨ ᠲᠦᠮᠡᠨ ︽ᠦᠢᠯᠡᠴᠢᠯᠡᠭᠡᠨ ᠤ ᠴᠣᠩᠬᠤᠪᠴᠢ ᠳᠤ ᠠᠵᠢᠯ ᠶᠠᠪᠤᠳᠠᠯ ᠭᠦᠢᠴᠡᠳᠭᠡᠬᠦ︾ | ᠳᠤ ᠨᠠᠭᠠᠰᠢ ᠴᠠᠭᠠᠰᠢ ᠬᠦᠶᠦᠵᠦ ᠮᠠᠰᠢ ᠤᠯᠠᠨ ᠴᠠᠭ ᠵᠠᠷᠤᠴᠠᠭᠤᠯᠵᠤ᠂ ︽ᠰᠦᠯᠵᠢᠶᠡᠨ ᠳᠡᠭᠡᠷ᠎ᠡ ᠠᠵᠢᠯ ᠶᠠᠪᠤᠳᠠᠯ | ᠭᠦᠢᠴᠡᠳᠭᠡᠬᠦ︾ ᠨᠢ ᠪᠠᠰᠠ ᠬᠦᠳᠤᠯᠤᠨ ᠵᠢᠯᠤᠭᠤᠳᠬᠤ ᠬᠦᠮᠦᠨ ᠪᠠᠶᠢᠬᠤ ᠦᠭᠡᠢ ᠠᠴᠠ ᠭᠡᠷᠬᠢᠨ ᠬᠦᠢᠴᠡᠳᠭᠡᠬᠦ ᠪᠠᠨ | ᠮᠡᠳᠡᠬᠦ ᠦᠭᠡᠢ ᠪᠠᠶᠢᠯ᠎ᠠ᠃ ᠡᠨᠡᠬᠦ ᠪᠠᠶᠢᠳᠠᠯ ᠳᠤ ᠴᠢᠭᠯᠡᠭᠦᠯᠦᠨ᠂ ᠵᠠᠯᠠᠶᠢᠳ ᠬᠤᠰᠢᠭᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ︽ᠸᠢᠳᠢᠤ᠋ ᠪᠠᠷ ᠭᠦᠢᠴᠡᠳᠭᠡᠬᠦ︾ ᠴᠣᠩᠬᠤᠪᠴᠢ | ᠭᠠᠷᠭᠠᠵᠤ᠂ ᠲᠠᠭᠤ ᠸᠢᠳᠢᠤ᠋ ᠶᠢ ᠬᠤᠯᠪᠣᠬᠤ᠂ ᠳᠡᠯᠭᠡᠴᠡ ᠪᠠᠷ ᠲᠠᠮᠵᠢᠭᠤᠯᠵᠦ ᠬᠠᠮᠲᠤ ᠪᠠᠷ ᠡᠳ᠋ᠯᠡᠬᠦ᠂ ᠪᠢᠴᠢᠭ | ᠮᠠᠲ᠋ᠧᠷᠢᠶᠠᠯ ᠢ ᠳᠠᠮᠵᠢᠭᠤᠯᠬᠤ᠂ ᠠᠯᠤᠰ ᠡᠵᠡᠮᠰᠢᠯ ᠢᠶᠠᠷ ᠬᠠᠪᠰᠤᠷᠤᠨ ᠬᠦᠢᠴᠡᠳᠭᠡᠬᠦ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠣᠨᠳᠣᠤ ᠭᠠᠵᠠᠷ ᠲᠤ ᠮᠠᠳᠠᠭ ᠲᠠᠢ ᠠᠰᠠᠭᠤᠳᠠᠯ ᠢ ᠰᠢᠢᠳᠪᠦᠷᠢᠯᠡᠬᠦ ᠶᠢ ᠪᠡᠶᠡᠯᠡᠬᠦᠯᠵᠦ᠂ ᠣᠯᠠᠨ | ᠲᠦᠮᠡᠨ ᠤ ᠠᠵᠢᠯ ᠶᠠᠪᠤᠳᠠᠯ ᠭᠦᠢᠴᠡᠳᠭᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠪᠠ᠃ | ︽︿ᠸᠢᠳᠢᠤ᠋ ᠪᠠᠷ ᠭᠦᠢᠴᠡᠳᠭᠡᠬᠦ﹀ ᠨᠢ ᠳᠤᠬᠠᠶᠢᠯᠠᠬᠰᠠᠨ ᠠᠵᠢᠯ ᠤᠨ ᠲᠤᠰᠬᠠᠢ ᠮᠡᠷᠭᠡᠵᠢᠯ ᠤᠨ ᠬᠥᠮᠥᠨ ᠢᠶᠠᠷ | ᠬᠠᠪᠰᠤᠷᠤᠨ ᠭᠦᠢᠴᠡᠳᠭᠡᠬᠦ ᠪᠠ ᠣᠷᠣᠯᠠᠨ ᠭᠦᠢᠴᠡᠳᠭᠡᠬᠦ ᠶᠢ ᠪᠡᠶᠡᠯᠡᠭᠦᠯᠵᠦ᠂ ᠠᠵᠤ ᠠᠬᠤᠶᠢᠯᠠᠯ ᠪᠠ ᠣᠯᠠᠨ | ᠲᠦᠮᠡᠨ ᠤ ᠰᠦᠯᠵᠢᠶᠡᠨ ᠳᠡᠭᠡᠷ᠎ᠡ ᠠᠵᠢᠯᠯᠠᠬᠤ᠂ ᠮᠠᠲ᠋ᠧᠷᠢᠶᠠᠯ ᠢ ᠳᠡᠭᠡᠭᠰᠢ ᠳᠠᠮᠵᠢᠭᠤᠯᠬᠤ᠂ ᠲᠤᠬᠠᠶᠢᠯᠠᠭᠰᠠᠨ ᠠᠵᠢᠯ ᠢ | ᠭᠦᠢᠴᠡᠳᠭᠡᠬᠦ ᠵᠡᠷᠭᠡ ᠲᠠᠯ᠎ᠠ ᠪᠠᠷ ᠲᠤᠯᠭᠠᠷᠠᠭᠰᠠᠨ ᠠᠰᠠᠭᠤᠳᠠᠯ ᠢ ᠰᠢᠢᠳᠪᠦᠷᠢᠯᠡᠨ ᠦᠭᠴᠤ ᠪᠤᠢ︾ ᠭᠡᠵᠦ ᠵᠠᠯᠠᠶᠢᠳ | ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ | ᠸᠢᠳᠢᠤ᠋ ᠪᠠᠷ ᠭᠦᠢᠴᠡᠳᠭᠡᠬᠦ ᠴᠣᠩᠬᠤᠪᠴᠢ ᠶᠢᠨ ᠠᠵᠢᠯᠲᠠᠨ ᠵᠢᠶᠠᠩ ᠸᠧᠨ ᠶᠢᠨ ᠶᠠᠷᠢᠯ᠎ᠠ᠃ | DeepSeek ᠶᠢᠨ ᠭᠡᠷᠡᠭᠯᠡᠯᠳᠡ ᠨᠢ ᠨᠠᠩ ᠴᠤ ᠵᠠᠯᠠᠶᠢᠳ ᠬᠤᠰᠢᠭᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ ᠳᠤ ᠪᠥᠬᠦ ᠲᠠᠯ᠎ᠠ ᠶᠢᠨ ᠣᠶᠤᠨᠴᠢ ᠳᠡᠰ ᠳᠠᠪᠰᠢᠯᠲᠠ ᠶᠢ ᠠᠪᠴᠢᠷᠠᠵᠤ ᠥᠭᠭᠦᠭᠰᠡᠨ | ᠪᠠᠶᠢᠨ᠎ᠠ᠃ AI ᠵᠠᠰᠠᠭ ᠤᠨ ᠶᠠᠪᠤᠳᠠᠯ ᠤᠨ ᠣᠶᠤᠨᠴᠢ ᠦᠢᠯᠡᠴᠢᠯᠡᠭᠡ ᠨᠢ ᠬᠤᠪᠢ ᠬᠥᠮᠦᠨ ᠪᠠ ᠠᠵᠤ ᠠᠬᠤᠶᠢᠯᠠᠯ ᠤᠨ | ᠠᠵᠢᠯ ᠶᠠᠪᠤᠳᠠᠯ ᠭᠦᠢᠴᠡᠳᠭᠡᠬᠦ ᠬᠡᠷᠡᠭᠴᠡᠭᠡ ᠱᠠᠭᠠᠷᠳᠠᠯᠭ᠎ᠠ ᠶᠢ ᠣᠶᠤᠨᠴᠢ ᠪᠠᠷ ᠢᠯᠭᠠᠨ ᠲᠠᠨᠢᠬᠤ ᠪᠠᠷ ᠳᠠᠮᠵᠢᠭᠤᠯᠤᠨ᠂ | ᠬᠡᠷᠡᠭᠰᠡᠬᠦ ᠮᠠᠲ᠋ᠧᠷᠢᠶᠠᠯ᠂ ᠭᠦᠢᠴᠡᠳᠭᠡᠬᠦ ᠶᠠᠪᠤᠴᠠ᠂ ᠭᠦᠢᠴᠡᠳᠭᠡᠬᠦ ᠴᠠᠭ ᠪᠠ ᠭᠠᠵᠠᠷ ᠣᠷᠣᠨ ᠵᠡᠷᠭᠡ ᠵᠠᠩᠭᠢᠯᠠᠭ᠎ᠠ ᠶᠢᠨ | ᠮᠡᠳᠡᠭᠡ ᠵᠠᠩᠭᠢ ᠶᠢ ᠣᠨᠣᠪᠴᠢᠲᠠᠶ ᠵᠣᠬᠢᠴᠠᠭᠤᠯᠵᠤ᠂ ᠨᠢᠭᠡ ᠳᠠᠷᠤᠪᠴᠢ ᠪᠠᠷ ᠬᠠᠷᠢᠭᠤᠯᠲᠠ ᠥᠭᠬᠦ ᠪᠠ ᠣᠶᠤᠨᠴᠢ ᠪᠠᠷ | ᠬᠥᠲᠥᠯᠦᠨ ᠵᠢᠯᠣᠭᠤᠳᠬᠤ ᠦᠢᠯᠡᠴᠢᠯᠡᠭᠡ ᠬᠠᠩᠭᠠᠵᠤ᠂ ︽ᠣᠯᠠᠨ ᠲᠦᠮᠡᠨ ᠢ ᠭᠦᠶᠦᠯᠭᠡᠬᠦ︾ ᠠᠴᠠ ︽ᠲᠤᠭ᠎ᠠ | ᠪᠠᠷᠢᠮᠲᠠ ᠶᠢ ᠭᠦᠶᠦᠯᠭᠡᠬᠦ︾ ᠪᠣᠯᠭᠠᠨ ᠬᠤᠪᠢᠷᠠᠭᠤᠯᠬᠤ ᠶᠢ ᠦᠨᠡᠨᠬᠦ ᠪᠡᠶᠡᠯᠡᠭᠦᠯᠵᠦ᠂ ᠠᠵᠤ ᠠᠬᠤᠶᠢᠯᠠᠯ ᠪᠠ ᠣᠯᠠᠨ | ᠲᠦᠮᠡᠨ ᠤ ᠠᠵᠢᠯ ᠶᠠᠪᠤᠳᠠᠯ ᠭᠦᠢᠴᠡᠳᠭᠡᠬᠦ ᠳᠤ ᠨᠠᠩ ᠲᠥᠬᠦᠮ᠂ ᠨᠠᠩ ᠲᠦᠷᠭᠡᠨ ᠪᠣᠯᠭᠠᠪᠠ᠃ | ︽ᠡᠵᠡᠩᠨᠡᠯᠲᠡ ᠶᠢᠨ ᠦᠨᠡᠮᠯᠡᠯ ᠢ ᠭᠦᠢᠴᠡᠳᠭᠡᠬᠦ ᠳᠤ ᠶᠠᠮᠠᠷ ᠮᠠᠲ᠋ᠧᠷᠢᠶᠠᠯ ᠭᠡᠷᠡᠭᠰᠡᠵᠦ᠂ ᠶᠠᠮᠠᠷ ᠮᠠᠲ᠋ᠧᠷᠢᠶᠠᠯ | ᠪᠡᠯᠡᠳᠭᠡᠬᠦ ᠶᠢ ᠮᠡᠳᠡᠬᠦ ᠦᠭᠡᠢ᠂ ᠵᠠᠰᠠᠭ ᠤᠨ ᠶᠠᠪᠤᠳᠠᠯ ᠤᠨ AI ᠠᠴᠠ ᠰᠤᠷᠠᠬᠯᠠᠬᠰᠠᠨ ᠤ ᠳ᠋ᠦᠡᠭ ᠳᠤ᠂ ᠲᠡᠷᠡ ᠨᠢ | ᠶᠠᠮᠠᠷ ᠮᠠᠲ᠋ᠧᠷᠢᠶᠠᠯ ᠪᠡᠯᠡᠳᠭᠡᠬᠦ ᠶᠢ ᠬᠢᠨᠠᠮᠠᠭᠠᠢ ᠭᠡᠯᠡᠵᠦ ᠦᠭᠬᠦᠯ᠎ᠠ᠂ ᠮᠠᠲ᠋ᠧᠷᠢᠶᠠᠯ ᠢᠶᠠᠨ ᠪᠦᠷᠢᠨ ᠪᠤᠯᠭᠠᠬᠰᠠᠨ ᠤ ᠰᠠᠬᠦᠯᠡᠷ | ᠨᠢᠭᠡ ᠯᠡ ᠤᠳᠠᠭ᠎ᠠ ᠳᠤ ᠰᠶᠢᠳᠪᠦᠷᠢᠯᠡᠵᠠᠢ︾ ᠭᠡᠵᠦ ᠶᠠᠪᠤᠳᠠᠯ ᠬᠦᠢᠴᠡᠳᠭᠡᠬᠦ ᠪᠠᠷ ᠢᠷᠡᠭᠰᠡᠨ ᠸᠠᠩ ᠸᠧᠨ ᠹᠸᠡᠭ | ᠶᠠᠷᠢᠵᠦ ᠪᠠᠶᠢᠯ᠎ᠠ᠃ | ᠡᠭᠦᠨ ᠠᠴᠠ ᠭᠠᠳᠠᠨ᠎ᠠ᠂ ᠣᠯᠠᠨ ᠲᠦᠮᠡᠨ ᠤ ᠠᠮᠢᠳᠤᠷᠠᠯ ᠳᠤ ᠲᠣᠬᠢᠶᠠᠯᠳᠤᠭᠰᠠᠨ ᠪᠤᠰᠤᠳ ᠵᠦᠢᠯ ᠤᠨ ᠲᠡᠷᠭᠡ | ᠬᠥᠰᠭᠡ ᠶᠢᠨ ᠨᠡᠪᠲᠡᠷᠡᠬᠦ ᠶᠢ ᠬᠠᠷᠰᠢᠯᠠᠬᠤ᠂ ᠲᠡᠷᠭᠡᠨ ᠵᠣᠭᠰᠣᠭᠠᠯ ᠢ ᠲᠤᠭᠳᠠᠭᠠᠯ ᠪᠤᠰᠤ ᠪᠠᠷ ᠡᠵᠡᠯᠡᠬᠦ ᠵᠡᠷᠭᠡ | ᠦᠵᠡᠭᠳᠡᠯ ᠢ ᠰᠢᠢᠳᠪᠦᠷᠢᠯᠡᠬᠦ ᠶᠢᠨ ᠲᠥᠯᠥᠭᠡ᠂ ᠳᠤᠰ ᠳᠤᠪᠴᠢᠶ᠎ᠠ ᠶᠢᠨ ᠬᠢᠨ 12345 ᠠᠷᠠᠳ ᠲᠤ ᠲᠥᠬᠦᠮ | ᠦᠵᠡᠭᠦᠯᠬᠦ ᠦᠢᠯᠡᠴᠢᠯᠡᠭᠡᠨ ᠤ ᠬᠠᠯᠠᠮᠰᠢᠯ ᠤᠲᠠᠰᠤ ᠳᠤ ᠲᠡᠷᠭᠡ ᠨᠡᠭᠦᠯᠭᠡᠬᠦ ᠦᠢᠯᠡᠴᠢᠯᠡᠭᠡᠨ ᠤ ᠴᠢᠳᠠᠮᠵᠢ ᠶᠢ ᠨᠡᠮᠡᠵᠦ | ᠲᠣᠬᠢᠷᠠᠭᠤᠯᠪᠠ᠃ ᠬᠠᠯᠠᠮᠰᠢᠯ ᠤᠲᠠᠰᠤ ᠪᠠᠷ ᠲᠡᠷᠭᠡ ᠨᠡᠭᠦᠯᠭᠡᠬᠦ ᠦᠢᠯᠡᠴᠢᠯᠡᠭᠡ ᠨᠢ ᠬᠤᠲᠠ ᠶᠢᠨ ᠬᠠᠮᠢᠶᠠᠷᠤᠯᠲᠠ | ᠳᠤᠮᠳᠠᠬᠢ ᠲᠡᠷᠭᠡ ᠨᠡᠭᠦᠯᠭᠡᠬᠦ ᠳᠤ ᠬᠦᠴᠢᠷᠲᠡᠶ ᠪᠠᠶᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠣᠯᠠᠨ | ᠲᠦᠮᠡᠨ ᠤ ᠶᠠᠪᠤᠵᠦ ᠰᠠᠭᠤᠬᠤ ᠳᠤ ᠲᠦᠬᠦᠮ ᠦᠵᠡᠬᠦᠯᠪᠡ᠃ | ︽ᠲᠠᠷᠠᠭᠠᠴᠢ ᠪᠠᠷ᠂ ᠬᠤᠰᠢᠭᠤᠨ ᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠬᠠᠮᠢᠶᠠᠷᠤᠯᠳᠠ ᠶᠢᠨ ᠲᠣᠪᠴᠢᠶ᠎ᠠ | ᠨᠠᠮ ᠤᠨ ᠭᠡᠰᠢᠬᠦᠨ ᠤᠯᠠᠨ ᠲᠦᠮᠡᠨ ᠳᠤ ᠦᠢᠯᠡᠴᠢᠯᠡᠬᠦ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢᠨ | ᠲᠣᠭᠤᠷᠢᠨ ᠳᠤ᠂ ᠰᠦᠯᠵᠢᠶ᠎ᠡ ᠪᠠᠷ ᠭᠦᠢᠴᠡᠳᠭᠡᠬᠦ ᠨᠣᠷᠮ᠎ᠠ ᠥᠨᠳᠥᠷ ᠪᠤᠰᠤ᠂ ᠦᠨᠳᠦᠰᠦᠨ ᠱᠠᠲᠤᠨ ᠤ ᠣᠯᠠᠨ | ᠲᠦᠮᠡᠨ ᠤ ᠠᠵᠢᠯ ᠶᠠᠪᠤᠳᠠᠯ ᠭᠦᠢᠴᠡᠳᠭᠡᠬᠦ ᠳᠤ ᠲᠥᠬᠦᠮ ᠥᠬᠡᠶ ᠵᠡᠷᠭᠡ ᠠᠰᠠᠭᠤᠳᠠᠯ ᠢ ᠭᠤᠤᠯᠳᠠᠯᠭ᠎ᠠ ᠲᠠᠢ | ᠰᠢᠢᠳᠪᠦᠷᠢᠯᠡᠵᠦ᠂ ᠬᠤᠰᠢᠭᠤ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ᠂ ᠠᠶᠢᠯ ᠳᠥᠷᠪᠡᠨ ᠱᠠᠲᠤᠨ ᠤ | ᠦᠢᠯᠡᠴᠢᠯᠡᠭᠡᠨ ᠤ ᠲᠣᠤᠷ ᠢ ᠪᠥᠬᠦ ᠬᠦᠴᠦᠨ ᠢᠶᠠᠷ ᠢᠶᠠᠨ ᠪᠠᠶᠢᠭᠤᠯᠵᠤ᠂ ᠣᠯᠠᠨ ᠲᠦᠮᠡᠨ ᠤ ᠠᠵᠢᠯ ᠶᠠᠪᠤᠳᠠᠯ | ᠭᠦᠢᠴᠡᠳᠭᠡᠬᠦ ᠳᠤ ᠣᠶᠢᠷ᠎ᠠ ᠬᠠᠪᠢ ᠳᠠᠭᠠᠨ ᠭᠦᠢᠴᠡᠳᠭᠡᠬᠦ᠂ ᠬᠡᠷ ᠤᠨ ᠡᠭᠦᠳᠡᠨ ᠳᠡᠭᠡᠨ ᠭᠦᠢᠴᠡᠳᠭᠡᠬᠦ᠂ ᠰᠦᠯᠵᠢᠶᠡᠨ | ᠳᠡᠭᠡᠷ᠎ᠠ ᠭᠦᠢᠴᠡᠳᠭᠡᠬᠦ ᠶᠢ ᠪᠡᠶᠡᠯᠡᠭᠦᠯᠵᠦ᠂ ᠨᠠᠮ ᠤᠨ ᠭᠡᠰᠢᠬᠦᠨ ᠣᠯᠠᠨ ᠲᠦᠮᠡᠨ ᠳᠤ ᠦᠢᠯᠡᠴᠢᠯᠡᠬᠦ ᠶᠢ ᠦᠨᠡᠨᠬᠦ ᠣᠯᠠᠨ | ᠲᠦᠮᠡᠨ ᠤ ︿ᠰᠡᠳᠭᠢᠯ ᠳᠤ ᠬᠠᠳᠠᠩᠰᠢᠭᠤᠯᠤᠨ᠎ᠠ﹀︾ ᠭᠡᠵᠦ ᠵᠠᠯᠠᠶᠢᠳ ᠬᠤᠰᠢᠭᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ᠂ ᠲᠣᠪᠴᠢᠶᠠᠨ ᠳᠠᠷᠤᠭ᠎ᠠ ᠯᠢ ᠴᠠᠩ ᠷᠦᠨ ᠶᠠᠷᠢᠯ᠎ᠠ᠃ ᠬᠣ᠋ ᡁᠢ ᠮᠢᠨ ᠵᠢᠩ | ᠶᠤᠸᠠᠢ ᠮᠡᠳᠡᠭᠡᠯᠡᠪᠡ |