ᠴᠢ ᠯᠢᠨ ᠠᠶᠤᠯᠭᠦᠶ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2025/6/3
     5 ᠰᠠᠷ᠎ᠠ ᠶᠢᠨ 30 ᠤ ᠡᠳᠦᠷ᠂ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠴᠢ ᠯᠢᠨ ᠤᠷᠢᠳ ᠬᠤᠵᠢᠳ ᠨᠠ ᠯᠠᠨ ᠶᠠ ᠵᠢᠦᠢ ᠶᠤᠸᠠᠢ ᠶᠤᠸᠠᠨ ᠭᠤᠷᠪᠠᠳᠤᠭᠠᠷ ᠬᠤᠭᠤᠴᠠᠭᠠᠨ ᠤ A ᠲᠣᠭᠤᠷᠢᠭ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ᠂ ᠢᠨᠳᠡᠷ ᠲᠠᠬᠢ ᠭᠤᠷᠪᠠᠳᠤᠭᠠᠷ ᠳᠤᠮᠳᠠᠳᠤ ᠰᠤᠷᠭᠠᠭᠤᠯᠢ᠂ ᠢᠨᠳᠡᠷ ᠵᠦᠩ ᠰᠢᠨ ᠨᠠᠰᠤᠲᠠᠨ ᠢ ᠠᠰᠠᠷᠠᠬᠤ ᠬᠦᠷᠢᠶᠡᠯᠡᠩ ᠵᠡᠷᠭᠡ ᠭᠠᠵᠠᠷ ᠢᠶᠠᠷ ᠬᠦᠷᠴᠦ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠵᠢᠯᠣᠭᠤᠳᠪᠠ᠃     ᠪᠠᠶᠢᠴᠠᠭᠠᠨ ᠰᠤᠳᠤᠯᠤᠯᠲᠠ ᠳᠤ ᠴᠢ ᠯᠢᠨ᠂ ᠠᠶᠤᠯᠭᠦᠢ ᠦᠢᠯᠡᠳᠪᠦᠷᠢᠯᠡᠯ ᠤᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠠᠶᠤᠯᠭᠦᠢ ᠦᠢᠯᠡᠳᠪᠦᠷᠢᠯᠡᠯ ᠢ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠨ ᠴᠢᠩᠭ᠎ᠠ ᠠᠳᠬᠤᠵᠤ ᠪᠣᠳᠠᠲᠠᠢ ᠠᠳᠬᠤᠬᠤ ᠬᠡᠷᠡᠭᠲᠡᠢ᠃ ᠪᠠᠷᠢᠯᠭ᠎ᠠ ᠶᠢᠨ ᠠᠵᠢᠯ ᠵᠡᠷᠭᠡ ᠭᠤᠣᠯᠳᠠᠯᠭ᠎ᠠ ᠲᠠᠢ ᠬᠦᠷᠢᠶ᠎ᠡ᠂ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠵᠢᠯᠣᠭᠤᠳᠬᠤ ᠦᠢᠯᠡᠴᠢᠯᠡᠭᠡ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠭᠡᠮ ᠰᠣᠭᠤᠭ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠬᠠᠮᠤᠭ ᠤᠨ  ᠴᠢᠩᠭ᠎ᠠ ᠪᠠᠷᠢᠮᠵᠢᠶ᠎ᠠ᠂ ᠬᠠᠮᠤᠭ ᠤᠨ ᠪᠣᠳᠠᠲᠠᠢ ᠠᠷᠭ᠎ᠠ ᠬᠡᠮᠵᠢᠶ᠎ᠡ ᠪᠠᠷ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠬᠤ ᠬᠡᠷᠡᠭᠳᠡᠢ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠥᠬᠦ ᠬᠦᠴᠦᠨ ᠢᠶᠠᠷ ᠢᠶᠠᠨ ᠪᠠᠬᠢᠵᠢᠭᠦᠯᠵᠦ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠪᠠ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠠᠶᠤᠯ ᠲᠦᠭᠰᠢᠭᠦᠷᠢ ᠶᠢᠨ ᠬᠡᠮ ᠰᠣᠭᠤᠭ ᠢ ᠬᠢᠨᠠᠨ ᠬᠠᠮᠢᠶᠠᠷᠬᠤ ᠠᠵᠢᠯ ᠢ ᠴᠢᠩᠭᠠᠳᠬᠠᠵᠤ᠂ ᠡᠷᠲᠡᠬᠡᠨ ᠲᠥᠯᠥᠪᠵᠢᠭᠦᠯᠵᠦ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠭᠦᠢᠴᠡᠳ ᠰᠠᠶᠢᠲᠤᠷ ᠬᠢᠵᠦ᠂ ᠪᠠᠭᠰᠢ ᠰᠤᠷᠤᠭᠴᠢᠳ ᠤᠨ ᠰᠡᠳᠬᠢᠴᠡ ᠶᠢᠨ ᠠᠮᠤᠷ ᠲᠦᠪᠰᠢᠨ ᠤ ᠪᠠᠶᠢᠭᠤᠯᠤᠯᠲᠠ ᠶᠢ ᠦᠷᠭᠦᠯᠵᠢᠯᠡᠨ ᠠᠩᠬᠠᠷᠴᠤ᠂ ᠰᠤᠷᠤᠭᠴᠢᠳ ᠤᠨ ᠵᠠᠮ ᠬᠠᠷᠢᠯᠴᠠᠭᠠᠨ ᠤ ᠠᠮᠤᠷ ᠲᠦᠪᠰᠢᠨ ᠪᠠ ᠤᠰᠤᠨ ᠳᠤ ᠵᠢᠪᠬᠦ ᠶᠢ ᠰᠡᠷᠭᠡᠶᠢᠯᠡᠬᠦ ᠬᠥᠮᠦᠵᠢᠯ ᠢ ᠪᠠᠶᠢᠩᠭᠤᠵᠢᠭᠤᠯᠤᠨ ᠰᠠᠶᠢᠲᠤᠷ ᠥᠷᠨᠢᠭᠦᠯᠬᠦ ᠬᠡᠷᠡᠭᠲᠡᠶ᠃ ᠬᠥᠮᠦᠨ ᠬᠠᠷ᠎ᠠ ᠲᠥᠪᠯᠡᠷᠡᠭᠰᠡᠨ ᠲᠠᠯᠠᠪᠤᠷ ᠭᠠᠵᠠᠷ ᠤᠨ ᠠᠮᠤᠷ ᠲᠦᠪᠰᠢᠨ ᠤ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠨ᠂ ᠭᠠᠯ ᠰᠡᠷᠭᠡᠶᠢᠯᠡᠵᠤ ᠤᠨᠲᠠᠷᠠᠭᠠᠬᠤ ᠠᠮᠤᠷ ᠲᠦᠪᠰᠢᠨ ᠢ ᠴᠢᠩᠭᠠᠳᠬᠠᠵᠤ᠂ ᠭᠠᠯ ᠤᠨ ᠡ᠊ᠨᠳᠡᠯ ᠢ ᠴᠢᠩᠭ᠎ᠠ ᠰᠡᠷᠭᠡᠶᠢᠯᠡᠨ᠂ ᠣᠨᠴᠠᠭᠠᠶ ᠬᠥᠮᠦᠰ ᠢ ᠠᠩᠬᠠᠷᠤᠨ ᠬᠠᠮᠢᠶᠠᠷᠬᠤ ᠬᠠᠮᠢᠶᠠᠷᠤᠯᠳᠠ ᠪᠠᠨ ᠴᠢᠩᠭᠠᠳᠬᠠᠵᠤ᠂ ᠣᠯᠠᠨ ᠨᠡᠶᠢᠲᠡ ᠶᠢᠨ ᠠᠮᠤᠷ ᠲᠦᠪᠰᠢᠨ ᠢ  ᠦᠨᠡᠨ ᠬᠦ ᠪᠠᠲᠤᠯᠠᠬᠤ ᠬᠡᠷᠡᠭᠲᠡᠶ ᠭᠡᠵᠤ ᠴᠢᠬᠤᠯᠠᠴᠢᠯᠠᠵᠠᠢ᠃      ᠵᠠᠯᠠᠶᠢᠳ ᠬᠤᠰᠢᠭᠤᠨ ᠤ ᠤᠳᠤᠷᠢᠳᠤᠯᠭ᠎ᠠ ᠵᠠᠩ ᠵᠢᠶᠦ᠋ᠨ ᠢᠦᠶ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠠᠮᠲᠤ ᠪᠠᠶᠢᠴᠠᠭᠠᠪᠠ᠃  
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号