| 5 ᠰᠠᠷ᠎ᠠ ᠶᠢᠨ 30 ᠤ ᠡᠳᠦᠷ᠂ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ | ᠭᠤᠤᠯ ᠳᠤᠭᠤᠶᠢᠯᠠᠩ 2025 ᠣᠨ ᠤ ᠵᠢᠷᠭᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠬᠢᠵᠦ᠂ ︽ᠦᠨᠡᠨ | ᠰᠡᠳᠬᠦᠯ︾ ᠤᠨ2025 ᠣᠨ ᠤ 10 ᠳ᠋ᠤᠭᠠᠷ ᠬᠤᠭᠤᠴᠠᠭᠠᠨ ᠳᠤ ᠨᠡᠶᠢᠲᠡᠯᠡᠭᠰᠡᠨ ᠶᠡᠷᠦᠩᠬᠡᠶ ᠱᠦᠵᠢ ᠰᠢ ᠶᠢᠨ | ᠫᠢᠩ ᠤᠨ ᠴᠢᠬᠤᠯᠠ ᠵᠤᠬᠢᠶᠠᠯ ︽ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠥᠬᠡᠶ | ᠨᠠᠶᠢᠳᠠᠪᠤᠷᠢᠵᠢᠭᠤᠯᠵᠤ᠂ ᠰᠢᠯᠢᠳᠡᠭ ᠨᠠᠮ ᠤᠨ ᠰᠤᠷᠲᠠᠯ ᠢᠶᠠᠷ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠢ | ᠲᠠᠶᠢᠴᠢᠯᠡᠨ ᠳᠠᠭᠠᠭᠤᠯᠤᠶ᠎ᠠ︾ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠠᠶᠢᠮᠠᠭ ᠤᠨ ᠨᠠᠮ ᠤᠨ ᠬᠤᠷᠢᠶᠠᠨ ᠤ ᠬᠠᠮᠢᠶ᠎ᠠ ᠪᠥᠬᠦᠶ ᠬᠤᠷᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠴᠢ ᠯᠢᠨ ᠬᠤᠷᠠᠯ ᠡᠷᠭᠢᠯᠡᠵᠦ ᠶᠠᠷᠢᠶ᠎ᠠ | ᠲᠠᠯᠪᠢᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ | ᠰᠤᠷᠤᠯᠴᠠᠨ ᠲᠤᠭᠤᠰᠢᠯᠠᠭᠤᠯᠵᠤ᠂ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠡᠵᠡᠮᠰᠢᠵᠤ ᠪᠣᠳᠠᠲᠠᠶᠢᠵᠢᠭᠤᠯᠬᠤ ᠳᠡᠭᠡᠷ᠎ᠡ | ᠬᠦᠴᠦ ᠲᠠᠯᠪᠢᠵᠤ᠂ ᠪᠠᠶᠢᠩᠭᠤ ᠰᠤᠷᠤᠯᠴᠠᠵᠤ ᠪᠠᠶᠢᠩᠭᠤ ᠰᠢᠨ᠎ᠡ ᠶᠢ ᠡᠭᠦᠳᠴᠦ᠂ ᠦᠨᠡᠨ ᠪᠣᠳᠠᠲᠠᠢ ᠠᠵᠢᠯᠯᠠᠬᠤ | ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠪᠠᠷ ᠨᠠᠮᠴᠢ ᠴᠢᠨᠠᠷ ᠢ | ᠳᠠᠪᠲᠠᠨ ᠪᠣᠯᠪᠠᠰᠤᠷᠠᠭᠤᠯᠬᠤ ᠴᠢᠬᠤᠯᠠ ᠭᠠᠷᠳᠠᠴᠠ ᠪᠣᠯᠭᠠᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠦᠨᠡᠨ ᠬᠦ | ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ ᠵᠠᠩᠭᠢᠯᠠᠭ᠎ᠠ ᠶᠢᠨ | ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠰᠬᠠᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ | ᠥᠷᠨᠢᠭᠦᠯᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠥᠬᠦᠷᠡᠰᠢ ᠦᠭᠡᠢ ᠵᠠᠯᠠᠷᠠᠭᠤᠯᠤᠨ ᠵᠠᠰᠠᠬᠤ ᠬᠡᠷᠡᠭᠲᠡᠢ᠃ | ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ | ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠤ | ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠦᠨᠡᠨ ᠰᠡᠳᠭᠢᠯ ᠠᠴᠠ ᠪᠠᠨ ᠰᠠᠶᠢᠲᠤᠷ ᠰᠢᠢᠳᠪᠦᠷᠢᠯᠡᠬᠦ ᠬᠡᠷᠡᠭᠲᠡᠢ᠃ | ᠰᠤᠷᠲᠠᠯ ᠤᠨ ᠪᠠᠶᠢᠭᠤᠯᠤᠯᠲᠠ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ | ᠪᠦᠷᠢᠨᠰᠢᠬᠦᠯᠵᠦ᠂ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠵᠦ᠂ ᠨᠠᠮ ᠤᠨ | ᠭᠡᠰᠢᠭᠦᠨ ᠺᠠᠳ᠋ᠷᠴᠤᠳ ᠢ ᠲᠠᠶᠢᠴᠢᠯᠡᠨ ᠵᠢᠯᠣᠭᠤᠳᠴᠤ ᠪᠠᠶᠢᠭᠠᠳ ᠪᠢᠰᠢᠷᠡᠨ ᠬᠦᠨᠳᠤᠳᠭᠡᠬᠦ ᠶᠢ ᠮᠡᠳᠡᠬᠦ᠂ ᠠᠶᠤᠵᠤ | ᠡᠮᠢᠶᠡᠬᠦ ᠰᠡᠳᠭᠢᠯᠭᠡ ᠶᠢ ᠡᠪᠤᠷᠯᠡᠨ᠂ ᠬᠤᠷᠢᠭ᠎ᠠ ᠱᠤᠭᠤᠮ ᠢᠶᠠᠨ ᠰᠠᠬᠢᠬᠤ ᠶᠢ ᠦᠨᠡᠨ ᠬᠦ ᠪᠡᠶᠡᠯᠡᠭᠦᠯᠵᠦ᠂ ᠰᠤᠷᠲᠠᠯ | ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠲᠠᠰᠤᠷᠠᠯᠲᠠ ᠦᠭᠡᠢ ᠪᠠᠬᠢᠵᠢᠭᠦᠯᠦᠨ ᠬᠥᠭᠵᠢᠭᠦᠯᠬᠦ | ᠬᠡᠷᠡᠭᠲᠡᠢ ᠭᠡᠵᠤ ᠴᠢᠬᠤᠯᠠᠴᠢᠯᠠᠵᠠᠢ᠃ |