| 5 ᠰᠠᠷ᠎ᠠ ᠶᠢᠨ 31 ᠤ ᠡᠳᠦᠷ᠂ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ | ᠳᠠᠷᠤᠭ᠎ᠠ ᠯᠢ ᠬᠤᠤ ᠨᠠᠷ ᠹᠠᠨ ᠷᠦᠩ ᠵᠠᠬ᠎ᠠ ᠳᠡᠯᠭᠡᠭᠦᠷ᠂ ᠲᠣᠰᠣ ᠨᠡᠮᠡᠬᠦ ᠥᠷᠲᠡᠭᠡ ᠵᠡᠷᠭᠡ ᠭᠠᠵᠠᠷ ᠢᠶᠠᠷ | ᠭᠦᠨᠵᠡᠭᠡᠶᠢᠷᠡᠵᠦ᠂ ᠪᠠᠶᠠᠷ ᠤᠨ ᠡᠳᠦᠷ ᠤᠨ ᠠᠶᠤᠯᠭᠦᠶ ᠦᠢᠯᠡᠳᠪᠦᠷᠢᠯᠡᠯ ᠤᠨ ᠠᠵᠢᠯ ᠢ ᠱᠠᠯᠠᠪᠳᠠᠭᠤᠯᠤᠨ ᠵᠢᠯᠣᠭᠤᠳᠴᠤ | ᠪᠠᠶᠢᠴᠠᠭᠠᠪᠠ᠃ | ᠯᠢ ᠬᠤᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠠᠮᠤᠷ ᠲᠦᠪᠰᠢᠨ ᠤ ᠤᠬᠠᠮᠰᠠᠷ ᠢᠶᠠᠨ | ᠲᠡᠭᠡᠭᠰᠢᠯᠡᠬᠦᠯᠵᠤ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠰᠠᠯᠠᠭ᠎ᠠ | ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠪᠣᠯᠤᠨ ᠠᠵᠤ ᠠᠬᠤᠶᠢᠯᠠᠯ ᠤᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠶᠤᠯᠭᠦᠢ ᠦᠢᠯᠡᠳᠪᠦᠷᠢᠯᠡᠯ ᠤᠨ ᠲᠦᠷᠢᠮ ᠢ ᠪᠦᠷᠢᠨᠰᠢᠬᠦᠯᠦᠨ | ᠲᠡᠭᠦᠯᠳᠡᠷᠵᠢᠭᠦᠯᠵᠦ᠂ ᠠᠮᠤᠷ ᠲᠦᠪᠰᠢᠨ ᠤ ᠲᠤᠨᠤᠭ ᠲᠥᠬᠦᠭᠡᠷᠦᠮᠵᠢ ᠶᠢ ᠪᠦᠷᠢᠨ ᠭᠦᠢᠴᠡᠳ ᠲᠡᠭᠦᠯᠳᠡᠷᠵᠢᠭᠦᠯᠤᠨ᠂ | ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠵᠤ᠂ | ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠡᠯᠡᠳᠬᠡᠯ ᠢ ᠯᠠᠪᠳᠠᠭᠤᠨ ᠪᠠᠲᠤᠲᠠᠢ | ᠰᠠᠶᠢᠲᠤᠷ ᠬᠢᠵᠦ᠂ ᠡᠯ᠎ᠡ ᠲᠦᠷᠦᠯ ᠤᠨ ᠠᠮᠤᠷ ᠲᠦᠪᠰᠢᠨ ᠤ ᠡ᠊ᠨᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ | ᠤᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠪᠠᠷ ᠬᠠᠷᠠᠯᠲᠠ ᠪᠣᠯᠭᠠᠵᠤ᠂ ᠦᠨ᠎ᠡ ᠬᠠᠩᠰᠢ ᠶᠢᠨ ᠬᠢᠨᠠᠨ | ᠬᠡᠮᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠦᠢᠯᠡᠳᠪᠦᠷᠢᠯᠡᠯ ᠪᠣᠷᠣᠯᠠᠭᠤᠯᠭ᠎ᠠ ᠶᠢ | ᠵᠣᠯᠭᠠᠭᠤᠯᠬᠤ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠡᠵᠡᠩᠨᠡᠯᠲᠡ ᠬᠠᠮᠢᠶᠠᠷᠤᠯᠲᠠ ᠶᠢ ᠴᠢᠩᠭᠠᠳᠬᠠᠵᠤ᠂ | ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠬᠠᠩᠭᠠᠯᠭ᠎ᠠ ᠭᠦᠢᠴᠡᠳ᠂ ᠲᠦᠷᠦᠯ ᠵᠦᠢᠯ ᠡᠯᠪᠡᠭ | ᠪᠠᠶᠠᠯᠢᠭ᠂ ᠶᠠᠰᠤ ᠴᠢᠨᠠᠷ ᠰᠠᠨᠠᠭ᠎ᠠ ᠠᠮᠤᠷ᠂ ᠦᠨ᠎ᠡ ᠬᠠᠩᠰᠢ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ | ᠬᠡᠷᠡᠭᠲᠡᠢ᠃ ᠢᠳᠡᠭᠡᠨ ᠤᠮᠳᠠᠭᠠᠨ ᠤ ᠠᠮᠤᠷ ᠲᠦᠪᠰᠢᠨ ᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ | ᠡᠭᠦᠷᠭᠡᠯᠡᠵᠦ᠂ ᠬᠤᠷᠢᠭ᠎ᠠ ᠱᠤᠭᠤᠮ ᠤᠨ ᠰᠡᠳᠬᠢᠬᠦᠢ ᠶᠢ ᠪᠤᠢ ᠪᠣᠯᠭᠠᠵᠤ᠂ ᠡᠯ᠎ᠡ ᠲᠦᠷᠦᠯ ᠤᠨ ᠢᠳᠡᠭᠡᠨ ᠤᠮᠳᠠᠭᠠᠨ ᠤ | ᠠᠮᠤᠷ ᠲᠦᠪᠰᠢᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠷᠠᠳ ᠤᠯᠠᠨ ᠤ | ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠪᠦᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠬᠤ ᠬᠡᠷᠡᠭᠲᠡᠢ ᠭᠡᠵᠠᠢ᠃ | |