| 6 ᠰᠠᠷ᠎ᠠ ᠶᠢᠨ 3 ᠤ ᠡᠳᠦᠷ᠂ ᠵᠠᠯᠠᠶᠢᠳ ᠬᠤᠰᠢᠭᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠵᠢᠴᠢ ᠠᠵᠢᠯ ᠢ | ᠠᠬᠢᠭᠤᠯᠬᠤ ᠬᠤᠷᠠᠯ ᠬᠤᠷᠠᠯᠳᠤᠭᠤᠯᠵᠤ᠂ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠴᠢ ᠯᠢᠨ ᠬᠤᠷᠠᠯ | ᠡᠷᠭᠢᠯᠡᠵᠦ ᠶᠠᠷᠢᠶ᠎ᠠ ᠲᠠᠯᠪᠢᠪᠠ᠃ ᠠᠶᠢᠮᠠᠭ ᠤᠨ ᠨᠠᠮ ᠤᠨ ᠬᠤᠷᠢᠶᠠᠨ ᠤ ᠱᠠᠯᠠᠪᠳᠠᠭᠤᠯᠤᠨ ᠵᠢᠯᠣᠭᠤᠳᠬᠤ | ᠳᠤᠭᠤᠶᠢᠯᠠᠩ ᠤᠨ ᠬᠠᠮᠢᠶ᠎ᠠ ᠪᠦᠬᠦᠢ ᠬᠥᠮᠦᠰ ᠬᠤᠷᠠᠯ ᠳᠤ ᠰᠤᠯᠠ ᠣᠷᠣᠯᠴᠠᠪᠠ᠃ | ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠶᠢᠨ ᠫᠢᠩ ᠤᠨ ᠾᠧᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ | ᠰᠤᠷᠤᠯᠴᠠᠯᠭ᠎ᠠ ᠬᠥᠮᠦᠵᠢᠯ ᠤᠨ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠨᠠᠮ ᠤᠨ ᠲᠥᠪ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠰᠤᠷᠤᠯᠴᠠᠯᠭ᠎ᠠ | ᠬᠥᠮᠦᠵᠢᠯ ᠤᠨ ᠲᠤᠬᠠᠶ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ᠂ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠵᠦ᠂ | ᠪᠦᠬᠦᠳᠡᠭᠡᠷ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠪᠡ᠃ | ᠴᠢ ᠯᠢᠨ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ | ᠭᠡᠰᠢᠭᠦᠨ ᠺᠠᠳ᠋ᠷᠴᠤᠳ ᠦᠵᠡᠯ ᠰᠠᠨᠠᠭ᠎ᠠ ᠲᠠᠨᠢᠯᠲᠠ ᠪᠠᠨ ᠦᠨᠡᠨ ᠬᠦ ᠴᠢᠩᠭᠠᠳᠬᠠᠵᠤ᠂ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠲᠠᠢ ᠤᠶᠠᠯᠳᠤᠭᠤᠯᠤᠨ᠂ ᠶᠡᠷᠦᠩᠬᠡᠶ ᠱᠦᠵᠢ | ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ | ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠤᠬᠠᠮᠰᠠᠷᠲᠤ ᠴᠢᠨᠠᠷ᠂ | ᠰᠠᠨᠠᠭᠠᠴᠢᠯᠠᠭᠠᠲᠤ ᠴᠢᠨᠠᠷ ᠢᠶᠠᠨ ᠦᠨᠡᠨ ᠬᠦ ᠴᠢᠩᠭᠠᠳᠬᠠᠵᠤ᠂ ᠦᠵᠡᠯ ᠰᠠᠨᠠᠭᠠᠨ ᠤ ᠡᠬᠢ ᠡᠭᠦᠰᠦᠯ ᠠᠴᠠ ᠨᠢ ᠬᠠᠰᠢᠯᠭ᠎ᠠ | ᠪᠣᠯᠤᠨ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠶ᠃ ᠬᠡᠷᠡᠭ ᠢᠶᠠᠷ ᠲᠤᠯᠢ ᠪᠣᠯᠭᠠᠵᠤ᠂ | ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ᠰᠤᠷᠲᠠᠯ ᠤᠨ ᠠᠰᠠᠭᠤᠳᠠᠯ ᠢ ᠦᠨᠡᠨ ᠬᠦ ᠦᠨᠳᠦᠰᠦ | ᠰᠤᠷᠪᠤᠯᠵᠢ ᠠᠴᠠ ᠨᠢ ᠰᠢᠢᠳᠪᠦᠷᠢᠯᠡᠬᠦ ᠪᠠ ᠰᠡᠷᠭᠡᠶᠢᠯᠡᠵᠦ᠂ ᠥᠪᠡᠷ ᠢ ᠪᠠᠨ ᠰᠡᠷᠡᠮᠵᠢᠯᠡᠭᠦᠯᠬᠦ ᠶᠢ ᠪᠠᠷᠢᠮᠲᠠᠯᠠᠵᠤ᠂ | ᠢᠯᠵᠠᠷᠠᠯ ᠢ ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ | ᠪᠠᠬᠢᠵᠢᠭᠦᠯᠵᠦ᠂ ᠭᠠᠵᠢᠭᠤ ᠰᠤᠷᠲᠠᠯ ᠢ ᠴᠢᠩᠭ᠎ᠠ ᠬᠤᠷᠢᠭᠯᠠᠵᠤ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ | ᠠᠭᠤᠷ ᠠᠮᠢᠰᠬᠤᠯ ᠢ ᠪᠤᠢ ᠪᠣᠯᠭᠠᠵᠤ᠂ ᠬᠤᠣᠰ ᠴᠢᠭᠯᠡᠯ ᠢᠶᠠᠷ ᠵᠣᠷᠢᠭᠵᠢᠭᠤᠯᠬᠤ ᠶᠢ ᠴᠢᠩᠭᠠᠳᠬᠠᠵᠤ᠂ ᠬᠠᠷᠢᠭᠤᠴᠠᠯᠭ᠎ᠠ | ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠢᠯᠡ ᠲᠣᠳᠣ ᠤᠳᠤᠷᠢᠳᠤᠮᠵᠢ ᠶᠢ ᠪᠤᠢ ᠪᠣᠯᠭᠠᠬᠤ ᠬᠡᠷᠡᠭᠲᠡᠢ᠃ | ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠲᠤᠰᠬᠠᠶ ᠴᠡᠭᠴᠡᠯᠡᠨ ᠵᠠᠰᠠᠯᠲᠠ ᠶᠢ ᠭᠦᠨᠵᠡᠭᠡᠶ | ᠠᠬᠢᠭᠤᠯᠵᠤ᠂ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠲᠠᠷᠢᠬᠢ ᠲᠣᠯᠣᠭᠠᠶ ᠪᠠᠨ ᠢᠮᠠᠭᠲᠠ | ᠰᠡᠷᠭᠡᠭ ᠪᠠᠶᠢᠯᠭᠠᠵᠤ᠂ ᠡᠷᠡᠯᠬᠡᠭᠯᠡᠨ ᠤᠷᠤᠭᠰᠢᠯᠠᠬᠤ ᠣᠪᠣᠷ ᠪᠠᠶᠢᠳᠠᠯ᠂ ᠠᠴᠢᠶ᠎ᠠ ᠪᠠᠨ ᠬᠦᠩᠭᠡᠯᠡᠨ ᠤᠷᠤᠭᠰᠢᠯᠠᠵᠤ᠂ | ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠬᠤᠪᠢ ᠨᠡᠮᠡᠷᠢ | ᠦᠵᠡᠭᠦᠯᠬᠦ ᠬᠡᠷᠡᠭᠲᠡᠶ ᠭᠡᠵᠡᠶ᠃ | ᠬᠤᠷᠠᠯ ᠢ ᠸᠢᠳᠢᠤ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠰᠤᠮᠤ ᠰᠢᠶᠠᠩ ᠪᠠᠯᠭᠠᠰᠤ ︵ᠲᠥᠪ︶᠂ | ᠬᠤᠰᠢᠭᠤᠨ ᠤ ᠨᠠᠮ ᠤᠨ ᠬᠤᠷᠢᠶ᠎ᠠ ᠶᠢᠨ ᠡᠯ᠎ᠡ ᠬᠡᠯᠲᠡᠰ ᠵᠥᠪᠯᠡᠯ᠂ ᠬᠤᠰᠢᠭᠤᠨ ᠤ ᠰᠢᠭᠤᠳ ᠬᠠᠷᠢᠶ᠎ᠠ ᠡᠯ᠎ᠡ ᠵᠥᠪᠯᠡᠯ | ᠠᠯᠪᠠᠨ ᠬᠡᠷ ᠲᠣᠪᠴᠢᠶ᠎ᠠ᠂ ᠡᠯ᠎ᠡ ᠠᠷᠠᠳ ᠤᠨ ᠪᠦᠯᠬᠦᠮ᠂ ᠡᠯ᠎ᠡ ᠤᠯᠤᠰ ᠤᠨ ᠦᠮᠴᠢᠯᠡᠯᠳᠤ ᠠᠵᠤ ᠠᠬᠤᠶᠢᠯᠠᠯ ᠤᠨ | ᠨᠢᠭᠡᠴᠢ ᠳᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ᠃ |