ᠯᠢ ᠬᠤᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠪᠡᠯᠡᠳᠬᠡᠯ ᠵᠡᠷᠭᠡ ᠠᠵᠢᠯ ᠢ ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2025/6/4
      6 ᠰᠠᠷ᠎ᠠ ᠶᠢᠨ 3᠎ ᠤ ᠡᠳᠦᠷ᠂ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢ ᠬᠤᠤ ᠵᠠᠯᠠᠶᠢᠳ ᠬᠤᠰᠢᠭᠤᠨ ᠤ ᠢᠨᠳᠡᠷ ᠲᠠᠬᠢ ᠨᠢᠭᠡᠳᠦᠭᠡᠷ ᠳᠤᠮᠳᠠᠳᠤ ᠰᠤᠷᠭᠠᠭᠤᠯᠢ᠂ ᠬᠤᠶᠠᠳᠤᠭᠠᠷ ᠳᠤᠮᠳᠠᠳᠤ ᠰᠤᠷᠭᠠᠭᠤᠯᠢ ᠪᠣᠯᠤᠨ ᠰᠤᠷᠭᠠᠨ ᠬᠥᠮᠦᠵᠢᠯ ᠤᠨ ᠲᠣᠪᠴᠢᠶ᠎ᠠ ᠪᠠᠷ ᠬᠦᠷᠴᠦ᠂ ᠶᠡᠭᠡ ᠲᠡᠭᠡᠳᠤ ᠰᠤᠷᠭᠠᠭᠤᠯᠢ ᠎ ᠳᠤ ᠰᠤᠷᠤᠭᠴᠢ ᠡᠯᠰᠡᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠪᠡᠯᠡᠳᠬᠡᠯ ᠠᠵᠢᠯ ᠢ ᠪᠠᠶᠢᠴᠠᠭᠠᠨ ᠵᠢᠯᠣᠭᠤᠳᠪᠠ᠃      ᠯᠢ ᠬᠤᠤ ᠰᠢᠯᠭᠠᠭᠤᠯᠤᠭᠴᠢ ᠶᠢᠨ ᠪᠡᠶ᠎ᠡ ᠶᠢᠨ ᠭᠠᠷᠤᠯ ᠢ ᠢᠯᠭᠠᠨ ᠲᠠᠨᠢᠬᠤ ᠤᠷᠤᠨ᠂ ᠠᠶᠤᠯ ᠦᠭᠡᠢ ᠶᠢᠨ ᠪᠠᠶᠢᠴᠠᠭᠠᠯᠲᠠ ᠶᠢᠨ ᠵᠠᠮ ᠱᠤᠭᠤᠮ᠂ ᠸᠢᠳᠢᠣ᠋ ᠬᠢᠨᠠᠨ ᠡᠵᠡᠮᠳᠡᠬᠦ ᠲᠠᠰᠤᠭ᠂ ᠰᠢᠯᠭᠠᠯᠲᠠ ᠶᠢᠨ ᠬᠠᠭᠤᠳᠠᠰᠤ ᠶᠢ ᠬᠠᠳᠠᠭᠠᠯᠠᠬᠤ ᠲᠠᠰᠤᠭ᠂ ᠰᠤᠷᠭᠠᠭᠤᠯᠢ ᠶᠢᠨ ᠬᠤᠭᠤᠯᠠᠨ ᠭᠡᠷ ᠵᠡᠷᠭᠡ ᠭᠠᠵᠠᠷ ᠢᠶᠠᠷ ᠪᠠᠶᠢᠴᠠᠭᠠᠨ ᠦᠵᠡᠵᠦ᠂ ᠲᠥᠬᠦᠭᠡᠷᠦᠮᠵᠢ ᠶᠢᠨ ᠠᠵᠢᠯᠯᠠᠭᠠᠨ᠂ ᠦᠢᠯᠡᠴᠢᠯᠡᠭᠡᠨ ᠤ ᠪᠠᠲᠤᠯᠠᠭ᠎ᠠ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠵᠡᠷᠭᠡ ᠠᠵᠢᠯ ᠤᠨ ᠲᠤᠬᠢᠷᠠᠭᠤᠯᠤᠯᠳᠠ ᠶᠢ ᠨᠠᠷᠢᠨ ᠣᠶᠢᠯᠠᠭᠠᠪᠠ᠃      ᠯᠢ ᠬᠤᠤ᠂ ᠤᠯᠤᠰ ᠤᠨ ᠨᠢᠭᠡᠳᠦᠯᠲᠡᠢ ᠰᠢᠯᠭᠠᠯᠲᠠ ᠪᠣᠯ ᠪᠦᠬᠦ ᠨᠡᠶᠢᠭᠡᠮ ᠢᠶᠠᠷ ᠢᠶᠠᠨ ᠠᠩᠬᠠᠷᠴᠤ ᠪᠠᠶᠢᠭ᠎ᠠ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠪᠣᠯᠤᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ︽ᠶᠠᠭᠠᠬᠢᠭᠰᠠᠨ ᠴᠦ ᠠᠯᠳᠠᠰᠢ ᠭᠠᠷᠭᠠᠵᠤ ᠪᠤᠯᠬᠤ ᠦᠭᠡᠢ︾ ᠭᠡᠬᠦ ᠬᠤᠷᠢᠭ᠎ᠠ ᠱᠤᠭᠤᠮ ᠤᠨ ᠰᠡᠳᠬᠢᠬᠦᠢ ᠪᠣᠯᠤᠨ ᠬᠠᠮᠤᠭ ᠤᠨ ᠥᠨᠳᠥᠷ ᠪᠠᠷᠢᠮᠵᠢᠶ᠎ᠠ ᠪᠠᠷ ᠰᠢᠯᠭᠠᠯᠲᠠ ᠶᠢᠨ ᠶᠠᠪᠤᠳᠠᠯ ᠤᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠰᠢᠯᠭᠠᠯᠲᠠ ᠶᠢᠨ ᠬᠠᠭᠤᠳᠠᠰᠤ ᠶᠢᠨ ᠠᠮᠤᠷ ᠲᠦᠪᠰᠢᠨ᠂ ᠰᠢᠯᠭᠠᠯᠲᠠ ᠶᠢᠨ ᠲᠠᠯᠠᠪᠤᠷ ᠤᠨ ᠲᠥᠬᠦᠭᠡᠷᠦᠮᠵᠢ᠂ ᠰᠢᠯᠭᠠᠯᠲᠠ ᠶᠢᠨ ᠶᠠᠪᠤᠳᠠᠯ ᠤᠨ ᠵᠣᠬᠢᠶᠠᠨ ᠪᠠᠶᠢᠭᠤᠯᠤᠯᠲᠠ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢᠨ ᠠᠶᠤᠯ ᠲᠦᠭᠰᠢᠭᠦᠷᠢ ᠶᠢᠨ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠲᠥᠬᠦᠭᠡᠷᠦᠮᠵᠢ ᠶᠢᠨ ᠠᠵᠢᠯᠯᠠᠭᠠᠨ ᠤ ᠲᠣᠭᠲᠠᠭᠤᠨ᠂ ᠶᠠᠪᠤᠴᠠ ᠶᠢᠨ ᠵᠢᠷᠤᠮᠵᠢᠯ ᠲᠠᠢ ᠡᠮᠬᠢ ᠵᠢᠷᠤᠮ ᠲᠠᠢ ᠪᠠᠶᠢᠬᠤ ᠶᠢ ᠪᠠᠲᠤᠯᠠᠵᠤ᠂ ︽ᠳᠤᠲᠠᠭᠳᠠᠯ ᠥᠬᠡᠶ᠂ ᠠᠯᠳᠠᠭ᠎ᠠ ᠪᠤᠷᠤᠭᠤ ᠥᠬᠡᠶ᠂ ᠡ᠊ᠨᠳᠡᠯ ᠭᠠᠷᠬᠤ ᠥᠬᠡᠶ︾ ᠪᠠᠶᠢᠬᠤ ᠶᠢ ᠪᠡᠶᠡᠯᠡᠭᠦᠯᠬᠦ ᠬᠡᠷᠡᠭᠲᠡᠶ᠃ ᠢᠳᠡᠭᠡᠨ ᠤᠮᠳᠠᠭᠠᠨ ᠤ ᠠᠮᠤᠷ ᠲᠦᠪᠰᠢᠨ᠂ ᠴᠠᠬᠢᠯᠭᠠᠨ ᠬᠦᠴᠦᠨ ᠤ ᠬᠠᠩᠭᠠᠯᠭ᠎ᠠ ᠶᠢ ᠪᠠᠲᠤᠯᠠᠬᠤ᠂ ᠵᠠᠮ ᠬᠠᠷᠢᠯᠴᠠᠭ᠎ᠠ ᠶᠢ  ᠰᠢᠭᠤᠳ ᠨᠡᠪᠳᠡᠷᠡᠬᠦᠯᠬᠦ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠬᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠭᠦᠢᠴᠡᠳ ᠪᠡᠯᠡᠳᠬᠡᠯ ᠢ ᠰᠠᠶᠢᠲᠤᠷ ᠬᠢᠵᠦ᠂ ᠠᠮᠤᠷ ᠲᠦᠪᠰᠢᠨ ᠂ ᠡᠷᠡᠭᠦᠯ ᠮᠡᠨᠳᠦ᠂ ᠬᠠᠯᠠᠭᠤᠨ ᠲᠤᠳᠤᠨᠤᠰᠤᠭ ᠢᠶᠠᠷ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠤᠯᠤᠰ ᠤᠨ ᠨᠢᠭᠡᠳᠦᠯᠲᠡᠶ ᠰᠢᠯᠭᠠᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ᠃ ᠳᠤᠮᠳᠠᠳᠤ ᠪᠠᠭ᠎ᠠ ᠰᠤᠷᠭᠠᠭᠤᠯᠢ ᠶᠢᠨ ᠬᠦᠷᠢᠶᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠪᠠ ᠢᠳᠡᠭᠡᠨ ᠤᠮᠳᠠᠭᠠᠨ ᠤ ᠵᠠᠷᠤᠳᠠᠯ ᠤᠨ ᠬᠠᠮᠢᠶᠠᠷᠤᠯᠲᠠ ᠶᠢᠨ ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠢᠨᠠᠯᠲᠠ ᠬᠠᠮᠢᠶᠠᠷᠤᠯᠲᠠ ᠪᠠ ᠬᠡᠷᠡᠭᠵᠢᠭᠦᠯᠦᠯᠲᠡ ᠶᠢ ᠦᠨᠡᠨ ᠬᠦ ᠨᠠᠷᠢᠯᠢᠭ ᠠᠳᠬᠤᠵᠤ᠂ ᠪᠣᠳᠠᠲᠠᠶ ᠳᠤ ᠨᠠᠶᠢᠳᠠᠪᠤᠷᠢᠵᠢᠭᠤᠯᠤᠨ᠂ ᠪᠠᠭᠰᠢ ᠰᠤᠷᠤᠭᠴᠢᠳ ᠤᠨ ︽ᠢᠳᠡᠭᠡᠨ ᠤᠮᠳᠠᠭᠠᠨ ᠤ ᠠᠮᠤᠷ ᠲᠦᠪᠰᠢᠨ︾᠎ ᠢ ᠪᠥᠬᠦ ᠬᠦᠴᠦᠨ ᠢᠶᠠᠷ ᠢᠶᠠᠨ ᠪᠠᠳᠤᠯᠠᠬᠤ ᠬᠡᠷᠡᠭᠲᠡᠶ ᠭᠡᠵᠠᠢ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号