ᠵᠠᠯᠠᠶᠢᠳ ᠬᠤᠰᠢᠭᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠵᠢᠴᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/4
       6 ᠰᠠᠷ᠎ᠠ ᠶᠢᠨ 3 ᠤ ᠡᠳᠦᠷ᠂ ᠵᠠᠯᠠᠶᠢᠳ ᠬᠤᠰᠢᠭᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠵᠢᠴᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠴᠢ ᠯᠢᠨ ᠬᠤᠷᠠᠯ ᠡᠷᠭᠢᠯᠡᠵᠦ ᠶᠠᠷᠢᠶ᠎ᠠ ᠲᠠᠯᠪᠢᠪᠠ᠃ ᠠᠶᠢᠮᠠᠭ ᠤᠨ ᠨᠠᠮ ᠤᠨ ᠬᠤᠷᠢᠶᠠᠨ ᠤ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠬᠠᠮᠢᠶ᠎ᠠ ᠪᠦᠬᠦᠢ ᠬᠥᠮᠦᠰ ᠬᠤᠷᠠᠯ ᠳᠤ ᠰᠤᠯᠠ ᠣᠷᠣᠯᠴᠠᠪᠠ᠃      ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠶᠢᠨ ᠫᠢᠩ ᠤᠨ ᠾᠧᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠰᠤᠷᠤᠯᠴᠠᠯᠭ᠎ᠠ ᠬᠥᠮᠦᠵᠢᠯ ᠤᠨ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠰᠤᠷᠤᠯᠴᠠᠯᠭ᠎ᠠ ᠬᠥᠮᠦᠵᠢᠯ ᠤᠨ ᠲᠤᠬᠠᠶ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠵᠦ᠂ ᠪᠦᠬᠦᠳᠡᠭᠡᠷ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ  ᠦᠵᠡᠪᠡ᠃      ᠴᠢ ᠯᠢᠨ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠺᠠᠳ᠋ᠷᠴᠤᠳ ᠦᠵᠡᠯ ᠰᠠᠨᠠᠭ᠎ᠠ ᠲᠠᠨᠢᠯᠲᠠ ᠪᠠᠨ ᠦᠨᠡᠨ ᠬᠦ ᠴᠢᠩᠭᠠᠳᠬᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠲᠠᠢ ᠤᠶᠠᠯᠳᠤᠭᠤᠯᠤᠨ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠤᠬᠠᠮᠰᠠᠷᠲᠤ ᠴᠢᠨᠠᠷ᠂ ᠰᠠᠨᠠᠭᠠᠴᠢᠯᠠᠭᠠᠲᠤ ᠴᠢᠨᠠᠷ ᠢᠶᠠᠨ ᠦᠨᠡᠨ ᠬᠦ ᠴᠢᠩᠭᠠᠳᠬᠠᠵᠤ᠂ ᠦᠵᠡᠯ ᠰᠠᠨᠠᠭᠠᠨ ᠤ ᠡᠬᠢ ᠡᠭᠦᠰᠦᠯ ᠠᠴᠠ ᠨᠢ ᠬᠠᠰᠢᠯᠭ᠎ᠠ ᠪᠣᠯᠤᠨ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠶ᠃ ᠬᠡᠷᠡᠭ ᠢᠶᠠᠷ ᠲᠤᠯᠢ ᠪᠣᠯᠭᠠᠵᠤ᠂ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ᠰᠤᠷᠲᠠᠯ ᠤᠨ ᠠᠰᠠᠭᠤᠳᠠᠯ ᠢ ᠦᠨᠡᠨ ᠬᠦ ᠦᠨᠳᠦᠰᠦ ᠰᠤᠷᠪᠤᠯᠵᠢ ᠠᠴᠠ ᠨᠢ ᠰᠢᠢᠳᠪᠦᠷᠢᠯᠡᠬᠦ ᠪᠠ ᠰᠡᠷᠭᠡᠶᠢᠯᠡᠵᠦ᠂ ᠥᠪᠡᠷ ᠢ ᠪᠠᠨ ᠰᠡᠷᠡᠮᠵᠢᠯᠡᠭᠦᠯᠬᠦ ᠶᠢ ᠪᠠᠷᠢᠮᠲᠠᠯᠠᠵᠤ᠂ ᠢᠯᠵᠠᠷᠠᠯ ᠢ ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠭᠠᠵᠢᠭᠤ ᠰᠤᠷᠲᠠᠯ ᠢ ᠴᠢᠩᠭ᠎ᠠ ᠬᠤᠷᠢᠭᠯᠠᠵᠤ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠬᠤᠣᠰ ᠴᠢᠭᠯᠡᠯ ᠢᠶᠠᠷ ᠵᠣᠷᠢᠭᠵᠢᠭᠤᠯᠬᠤ ᠶᠢ ᠴᠢᠩᠭᠠᠳᠬᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠢᠯᠡ ᠲᠣᠳᠣ ᠤᠳᠤᠷᠢᠳᠤᠮᠵᠢ ᠶᠢ ᠪᠤᠢ ᠪᠣᠯᠭᠠᠬᠤ ᠬᠡᠷᠡᠭᠲᠡᠢ᠃ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠲᠤᠰᠬᠠᠶ ᠴᠡᠭᠴᠡᠯᠡᠨ ᠵᠠᠰᠠᠯᠲᠠ ᠶᠢ ᠭᠦᠨᠵᠡᠭᠡᠶ ᠠᠬᠢᠭᠤᠯᠵᠤ᠂ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠲᠠᠷᠢᠬᠢ ᠲᠣᠯᠣᠭᠠᠶ ᠪᠠᠨ ᠢᠮᠠᠭᠲᠠ ᠰᠡᠷᠭᠡᠭ ᠪᠠᠶᠢᠯᠭᠠᠵᠤ᠂ ᠡᠷᠡᠯᠬᠡᠭᠯᠡᠨ ᠤᠷᠤᠭᠰᠢᠯᠠᠬᠤ ᠣᠪᠣᠷ ᠪᠠᠶᠢᠳᠠᠯ᠂ ᠠᠴᠢᠶ᠎ᠠ ᠪᠠᠨ ᠬᠦᠩᠭᠡᠯᠡᠨ ᠤᠷᠤᠭᠰᠢᠯᠠᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠡᠶ᠃      ᠬᠤᠷᠠᠯ ᠢ ᠸᠢᠳᠢᠤ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠰᠤᠮᠤ ᠰᠢᠶᠠᠩ ᠪᠠᠯᠭᠠᠰᠤ ︵ᠲᠥᠪ︶᠂ ᠬᠤᠰᠢᠭᠤᠨ ᠤ ᠨᠠᠮ ᠤᠨ ᠬᠤᠷᠢᠶ᠎ᠠ ᠶᠢᠨ ᠡᠯ᠎ᠡ ᠬᠡᠯᠲᠡᠰ ᠵᠥᠪᠯᠡᠯ᠂ ᠬᠤᠰᠢᠭᠤᠨ ᠤ ᠰᠢᠭᠤᠳ ᠬᠠᠷᠢᠶ᠎ᠠ ᠡᠯ᠎ᠡ ᠵᠥᠪᠯᠡᠯ ᠠᠯᠪᠠᠨ ᠬᠡᠷ ᠲᠣᠪᠴᠢᠶ᠎ᠠ᠂ ᠡᠯ᠎ᠡ ᠠᠷᠠᠳ ᠤᠨ ᠪᠦᠯᠬᠦᠮ᠂ ᠡᠯ᠎ᠡ ᠤᠯᠤᠰ ᠤᠨ ᠦᠮᠴᠢᠯᠡᠯᠳᠤ ᠠᠵᠤ ᠠᠬᠤᠶᠢᠯᠠᠯ ᠤᠨ ᠨᠢᠭᠡᠴᠢ ᠳᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号