| 6 ᠰᠠᠷ᠎ᠠ ᠶᠢᠨ 3 ᠤ ᠡᠳᠦᠷ᠂ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ | ᠳᠠᠷᠤᠭ᠎ᠠ ᠯᠢ ᠬᠤᠤ ᠵᠠᠯᠠᠶᠢᠳ ᠬᠤᠰᠢᠭᠤᠨ ᠤ ᠢᠨᠳᠡᠷ ᠲᠠᠬᠢ ᠨᠢᠭᠡᠳᠦᠭᠡᠷ ᠳᠤᠮᠳᠠᠳᠤ ᠰᠤᠷᠭᠠᠭᠤᠯᠢ᠂ ᠬᠤᠶᠠᠳᠤᠭᠠᠷ | ᠳᠤᠮᠳᠠᠳᠤ ᠰᠤᠷᠭᠠᠭᠤᠯᠢ ᠪᠣᠯᠤᠨ ᠰᠤᠷᠭᠠᠨ ᠬᠥᠮᠦᠵᠢᠯ ᠤᠨ ᠲᠣᠪᠴᠢᠶ᠎ᠠ ᠪᠠᠷ ᠬᠦᠷᠴᠦ᠂ ᠶᠡᠭᠡ ᠲᠡᠭᠡᠳᠤ ᠰᠤᠷᠭᠠᠭᠤᠯᠢ | ᠳᠤ ᠰᠤᠷᠤᠭᠴᠢ ᠡᠯᠰᠡᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠪᠡᠯᠡᠳᠬᠡᠯ ᠠᠵᠢᠯ ᠢ ᠪᠠᠶᠢᠴᠠᠭᠠᠨ ᠵᠢᠯᠣᠭᠤᠳᠪᠠ᠃ | | ᠯᠢ ᠬᠤᠤ ᠰᠢᠯᠭᠠᠭᠤᠯᠤᠭᠴᠢ ᠶᠢᠨ ᠪᠡᠶ᠎ᠡ ᠶᠢᠨ ᠭᠠᠷᠤᠯ ᠢ ᠢᠯᠭᠠᠨ ᠲᠠᠨᠢᠬᠤ ᠤᠷᠤᠨ᠂ ᠠᠶᠤᠯ ᠦᠭᠡᠢ ᠶᠢᠨ | ᠪᠠᠶᠢᠴᠠᠭᠠᠯᠲᠠ ᠶᠢᠨ ᠵᠠᠮ ᠱᠤᠭᠤᠮ᠂ ᠸᠢᠳᠢᠣ᠋ ᠬᠢᠨᠠᠨ ᠡᠵᠡᠮᠳᠡᠬᠦ ᠲᠠᠰᠤᠭ᠂ ᠰᠢᠯᠭᠠᠯᠲᠠ ᠶᠢᠨ ᠬᠠᠭᠤᠳᠠᠰᠤ ᠶᠢ | ᠬᠠᠳᠠᠭᠠᠯᠠᠬᠤ ᠲᠠᠰᠤᠭ᠂ ᠰᠤᠷᠭᠠᠭᠤᠯᠢ ᠶᠢᠨ ᠬᠤᠭᠤᠯᠠᠨ ᠭᠡᠷ ᠵᠡᠷᠭᠡ ᠭᠠᠵᠠᠷ ᠢᠶᠠᠷ ᠪᠠᠶᠢᠴᠠᠭᠠᠨ ᠦᠵᠡᠵᠦ᠂ | ᠲᠥᠬᠦᠭᠡᠷᠦᠮᠵᠢ ᠶᠢᠨ ᠠᠵᠢᠯᠯᠠᠭᠠᠨ᠂ ᠦᠢᠯᠡᠴᠢᠯᠡᠭᠡᠨ ᠤ ᠪᠠᠲᠤᠯᠠᠭ᠎ᠠ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ | ᠵᠡᠷᠭᠡ ᠠᠵᠢᠯ ᠤᠨ ᠲᠤᠬᠢᠷᠠᠭᠤᠯᠤᠯᠳᠠ ᠶᠢ ᠨᠠᠷᠢᠨ ᠣᠶᠢᠯᠠᠭᠠᠪᠠ᠃ | ᠯᠢ ᠬᠤᠤ᠂ ᠤᠯᠤᠰ ᠤᠨ ᠨᠢᠭᠡᠳᠦᠯᠲᠡᠢ ᠰᠢᠯᠭᠠᠯᠲᠠ ᠪᠣᠯ ᠪᠦᠬᠦ ᠨᠡᠶᠢᠭᠡᠮ ᠢᠶᠠᠷ ᠢᠶᠠᠨ ᠠᠩᠬᠠᠷᠴᠤ ᠪᠠᠶᠢᠭ᠎ᠠ | ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠪᠣᠯᠤᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ | ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ︽ | ᠶᠠᠭᠠᠬᠢᠭᠰᠠᠨ ᠴᠦ ᠠᠯᠳᠠᠰᠢ ᠭᠠᠷᠭᠠᠵᠤ ᠪᠤᠯᠬᠤ ᠦᠭᠡᠢ︾ ᠭᠡᠬᠦ ᠬᠤᠷᠢᠭ᠎ᠠ ᠱᠤᠭᠤᠮ ᠤᠨ ᠰᠡᠳᠬᠢᠬᠦᠢ ᠪᠣᠯᠤᠨ | ᠬᠠᠮᠤᠭ ᠤᠨ ᠥᠨᠳᠥᠷ ᠪᠠᠷᠢᠮᠵᠢᠶ᠎ᠠ ᠪᠠᠷ ᠰᠢᠯᠭᠠᠯᠲᠠ ᠶᠢᠨ ᠶᠠᠪᠤᠳᠠᠯ ᠤᠨ ᠡᠯ᠎ᠡ ᠵᠦᠢᠯ ᠤᠨ ᠠᠵᠢᠯ ᠢ ᠯᠠᠪᠳᠠᠭᠤᠨ | ᠪᠠᠲᠤᠲᠠᠢ ᠰᠠᠶᠢᠲᠤᠷ ᠬᠢᠬᠦ ᠬᠡᠷᠡᠭᠲᠡᠢ᠃ ᠰᠢᠯᠭᠠᠯᠲᠠ ᠶᠢᠨ ᠬᠠᠭᠤᠳᠠᠰᠤ ᠶᠢᠨ ᠠᠮᠤᠷ ᠲᠦᠪᠰᠢᠨ᠂ ᠰᠢᠯᠭᠠᠯᠲᠠ ᠶᠢᠨ | ᠲᠠᠯᠠᠪᠤᠷ ᠤᠨ ᠲᠥᠬᠦᠭᠡᠷᠦᠮᠵᠢ᠂ ᠰᠢᠯᠭᠠᠯᠲᠠ ᠶᠢᠨ ᠶᠠᠪᠤᠳᠠᠯ ᠤᠨ ᠵᠣᠬᠢᠶᠠᠨ ᠪᠠᠶᠢᠭᠤᠯᠤᠯᠲᠠ ᠵᠡᠷᠭᠡ ᠵᠠᠩᠭᠢᠯᠠᠭ᠎ᠠ ᠶᠢᠨ | ᠭᠤᠭᠴᠤᠭ᠎ᠠ ᠶᠢᠨ ᠠᠶᠤᠯ ᠲᠦᠭᠰᠢᠭᠦᠷᠢ ᠶᠢᠨ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ | ᠲᠥᠬᠦᠭᠡᠷᠦᠮᠵᠢ ᠶᠢᠨ ᠠᠵᠢᠯᠯᠠᠭᠠᠨ ᠤ ᠲᠣᠭᠲᠠᠭᠤᠨ᠂ ᠶᠠᠪᠤᠴᠠ ᠶᠢᠨ ᠵᠢᠷᠤᠮᠵᠢᠯ ᠲᠠᠢ ᠡᠮᠬᠢ ᠵᠢᠷᠤᠮ ᠲᠠᠢ ᠪᠠᠶᠢᠬᠤ ᠶᠢ | ᠪᠠᠲᠤᠯᠠᠵᠤ᠂ ︽ᠳᠤᠲᠠᠭᠳᠠᠯ ᠥᠬᠡᠶ᠂ ᠠᠯᠳᠠᠭ᠎ᠠ ᠪᠤᠷᠤᠭᠤ ᠥᠬᠡᠶ᠂ ᠡ᠊ᠨᠳᠡᠯ ᠭᠠᠷᠬᠤ ᠥᠬᠡᠶ︾ ᠪᠠᠶᠢᠬᠤ ᠶᠢ | ᠪᠡᠶᠡᠯᠡᠭᠦᠯᠬᠦ ᠬᠡᠷᠡᠭᠲᠡᠶ᠃ ᠢᠳᠡᠭᠡᠨ ᠤᠮᠳᠠᠭᠠᠨ ᠤ ᠠᠮᠤᠷ ᠲᠦᠪᠰᠢᠨ᠂ ᠴᠠᠬᠢᠯᠭᠠᠨ ᠬᠦᠴᠦᠨ ᠤ ᠬᠠᠩᠭᠠᠯᠭ᠎ᠠ ᠶᠢ | ᠪᠠᠲᠤᠯᠠᠬᠤ᠂ ᠵᠠᠮ ᠬᠠᠷᠢᠯᠴᠠᠭ᠎ᠠ ᠶᠢ ᠰᠢᠭᠤᠳ ᠨᠡᠪᠳᠡᠷᠡᠬᠦᠯᠬᠦ ᠵᠡᠷᠭᠡ ᠭᠤᠣᠯᠳᠠᠯᠭ᠎ᠠ ᠲᠠᠢ ᠬᠦᠷᠢᠶᠡᠨ ᠳᠤ | ᠠᠩᠬᠠᠷᠤᠯ ᠢᠶᠠᠨ ᠲᠥᠪᠯᠡᠷᠡᠭᠦᠯᠵᠦ᠂ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠬᠦᠯᠵᠦ᠂ ᠪᠠᠴᠢᠮ ᠪᠠᠶᠢᠳᠠᠯ ᠢ | ᠠᠷᠭᠠᠴᠠᠭᠠᠬᠤ ᠭᠦᠢᠴᠡᠳ ᠪᠡᠯᠡᠳᠬᠡᠯ ᠢ ᠰᠠᠶᠢᠲᠤᠷ ᠬᠢᠵᠦ᠂ ᠠᠮᠤᠷ ᠲᠦᠪᠰᠢᠨ ᠂ ᠡᠷᠡᠭᠦᠯ ᠮᠡᠨᠳᠦ᠂ ᠬᠠᠯᠠᠭᠤᠨ | ᠲᠤᠳᠤᠨᠤᠰᠤᠭ ᠢᠶᠠᠷ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠤᠯᠤᠰ ᠤᠨ ᠨᠢᠭᠡᠳᠦᠯᠲᠡᠶ ᠰᠢᠯᠭᠠᠯᠲᠠ ᠶᠢ | ᠴᠢᠷᠮᠠᠶᠢᠨ ᠪᠡᠶᠡᠯᠡᠭᠦᠯᠬᠦ ᠬᠡᠷᠡᠭᠲᠡᠶ᠃ ᠳᠤᠮᠳᠠᠳᠤ ᠪᠠᠭ᠎ᠠ ᠰᠤᠷᠭᠠᠭᠤᠯᠢ ᠶᠢᠨ ᠬᠦᠷᠢᠶᠡᠨ ᠤ ᠢᠳᠡᠭᠡᠨ ᠤᠮᠳᠠᠭᠠᠨ ᠤ ᠠᠮᠤᠷ | ᠲᠦᠪᠰᠢᠨ ᠪᠠ ᠢᠳᠡᠭᠡᠨ ᠤᠮᠳᠠᠭᠠᠨ ᠤ ᠵᠠᠷᠤᠳᠠᠯ ᠤᠨ ᠬᠠᠮᠢᠶᠠᠷᠤᠯᠲᠠ ᠶᠢᠨ ᠲᠣᠪᠤᠶᠢᠮ᠎ᠠ ᠠᠰᠠᠭᠤᠳᠠᠯ ᠢ ᠲᠤᠰᠬᠠᠶ | ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠢᠨᠠᠯᠲᠠ ᠬᠠᠮᠢᠶᠠᠷᠤᠯᠲᠠ ᠪᠠ ᠬᠡᠷᠡᠭᠵᠢᠭᠦᠯᠦᠯᠲᠡ ᠶᠢ | ᠦᠨᠡᠨ ᠬᠦ ᠨᠠᠷᠢᠯᠢᠭ ᠠᠳᠬᠤᠵᠤ᠂ ᠪᠣᠳᠠᠲᠠᠶ ᠳᠤ ᠨᠠᠶᠢᠳᠠᠪᠤᠷᠢᠵᠢᠭᠤᠯᠤᠨ᠂ ᠪᠠᠭᠰᠢ ᠰᠤᠷᠤᠭᠴᠢᠳ ᠤᠨ ︽ᠢᠳᠡᠭᠡᠨ | ᠤᠮᠳᠠᠭᠠᠨ ᠤ ᠠᠮᠤᠷ ᠲᠦᠪᠰᠢᠨ︾ ᠢ ᠪᠥᠬᠦ ᠬᠦᠴᠦᠨ ᠢᠶᠠᠷ ᠢᠶᠠᠨ ᠪᠠᠳᠤᠯᠠᠬᠤ ᠬᠡᠷᠡᠭᠲᠡᠶ ᠭᠡᠵᠠᠢ᠃ |