| 6 ᠰᠠᠷ᠎ᠠ ᠶᠢᠨ 6 ᠤ ᠡᠳᠦᠷ᠂ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠴᠢ ᠯᠢᠨ ᠳᠤᠮᠳᠠᠳᠤ | ᠤᠯᠤᠰ ᠤᠨ ᠡᠪ ᠬᠠᠮᠲᠤ ᠨᠠᠮ ᠤᠨ ᠵᠠᠯᠠᠶᠢᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶᠠᠨ ᠤ | ᠪᠠᠶᠢᠩᠭᠤ ᠶᠢᠨ ᠬᠤᠷᠢᠶᠠᠨ ᠤ 2025 ᠣᠨ ᠤ ᠠᠷᠪᠠᠨ ᠲᠠᠪᠤᠳᠤᠭᠠᠷ ᠤᠳᠠᠭᠠᠨ ᠤ ᠬᠤᠷᠠᠯ ᠢ ᠡᠷᠭᠢᠯᠡᠨ | ᠬᠤᠷᠠᠯᠳᠤᠭᠤᠯᠵᠠᠢ᠃ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠳᠤ ᠨᠡᠶᠢᠲᠡᠯᠡᠭᠰᠡᠨ | ᠴᠢᠬᠤᠯᠠ ᠵᠣᠬᠢᠶᠠᠯ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ | ᠨᠠᠮ ᠤᠨ ᠬᠤᠷᠢᠶᠠᠨ ᠤ ᠬᠠᠮᠢᠶ᠎ᠠ ᠪᠥᠬᠦᠶ ᠬᠤᠷᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠬᠠᠮᠢᠶ᠎ᠠ ᠪᠥᠬᠦᠶ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ | ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ︽ᠦᠨᠡᠨ︾ ᠰᠡᠳᠬᠦᠯ ᠤᠨ 2025 ᠣᠨ ᠤ 11 ᠳ᠋ᠦ᠋ᠭᠡᠷ ᠬᠤᠭᠤᠴᠠᠭᠠᠨ ᠳᠤ | ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠤᠬᠢᠶᠠᠯ ︽ᠰᠤᠷᠭᠠᠨ ᠬᠥᠮᠦᠵᠢᠯ ᠤᠨ ᠬᠦᠴᠦᠷᠬᠡᠭ | ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ︾ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠰᠤᠷᠭᠠᠨ ᠬᠥᠮᠦᠵᠢᠯ ᠤᠨ | ᠠᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠵᠤ᠂ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ | ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠪᠠᠭᠰᠢ ᠶᠢᠨ ᠡᠩᠨᠡᠭᠡ ᠶᠢ ᠪᠠᠶᠢᠭᠤᠯᠬᠤ ᠬᠡᠷᠡᠭᠲᠡᠢ᠃ ᠡᠯ᠎ᠡ ᠬᠠᠮᠢᠶ᠎ᠠ | ᠪᠥᠬᠦᠶ ᠰᠠᠯᠠᠭ᠎ᠠ ᠮᠥᠴᠢᠷ ᠤᠳ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ | ᠂ ᠰᠢᠯᠭᠠᠭᠤᠯᠤᠭᠰᠠᠳ ᠲᠤ ᠠᠮᠤᠷ ᠲᠦᠪᠰᠢᠨ᠂ ᠨᠠᠮ ᠵᠢᠮ᠂ ᠰᠠᠨᠠᠭ᠎ᠠ ᠠᠮᠤᠷ ᠰᠢᠯᠭᠠᠯᠲᠠ ᠶᠢᠨ ᠣᠷᠴᠢᠨ ᠲᠣᠭᠤᠷᠢᠨ ᠢ | ᠪᠣᠶ ᠪᠣᠯᠭᠠᠵᠤ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ | ᠲᠣᠭᠲᠠᠭᠤᠨ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠤᠯᠤᠰ ᠲᠦᠷᠦ ᠶᠢᠨ | ᠵᠣᠭᠰᠣᠴᠠ ᠪᠠᠨ ᠳᠡᠭᠡᠭᠰᠢᠯᠡᠭᠦᠯᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ | ᠰᠢᠢᠳᠪᠤᠷᠢᠯᠡᠵᠤ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠵᠠᠬᠢᠳᠠᠯ | ᠰᠤᠷᠪᠤᠯᠵᠢᠯᠠᠯ ᠤᠨ ᠬᠡᠷᠡᠭ ᠢ ᠰᠠᠶᠢᠳᠤᠷ ᠬᠢᠨᠠᠨ ᠬᠠᠷᠭᠤᠭᠤᠯᠵᠤ᠂ ᠲᠠᠷᠤᠶᠢᠬᠠᠨ ᠰᠢᠢᠳᠪᠦᠷᠢᠯᠡᠵᠦ᠂ ᠨᠢᠭᠡ ᠠᠴᠠ | ᠵᠦᠢᠴᠢᠯᠡᠵᠦ ᠨᠦᠬᠦᠭᠡ ᠶᠢ ᠮᠡᠳᠡᠬᠦ ᠶᠢ ᠪᠠᠷᠢᠮᠲᠠᠯᠠᠵᠤ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ | ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ | ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ ᠤᠨᠴᠠᠯᠢᠬᠳᠤ ᠠᠵᠤ ᠦᠢᠯᠡᠰ ᠢ ᠬᠥᠭᠵᠢᠭᠦᠯᠵᠦ᠂ ᠡᠳ᠋ | ᠬᠦᠷᠦᠩᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ︽ᠭᠤᠷᠪᠠ ᠶᠢ ᠬᠤᠪᠢᠷᠠᠭᠤᠯᠬᠤ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ | ᠦᠷᠭᠦᠯᠵᠢᠯᠡᠨ ᠥᠷᠭᠡᠳᠬᠡᠬᠦ ᠬᠡᠷᠡᠭᠲᠡᠶ ᠭᠡᠵᠤ ᠴᠢᠬᠤᠯᠠᠴᠢᠯᠠᠵᠠᠢ᠃ | ᠬᠤᠷᠠᠯ ᠠᠴᠠ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠢᠨᠵᠧᠨᠧᠷᠢᠩ ᠤᠨ ᠶᠠᠰᠤ ᠴᠢᠨᠠᠷ ᠢ | ᠴᠢᠩᠭᠠᠳᠬᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠤᠪᠤᠶᠢᠯᠭᠠᠨ᠂ ᠴᠠᠭ ᠲᠤᠬᠠᠢ ᠳᠤᠨᠢ ᠶᠠᠰᠤ | ᠴᠢᠨᠠᠷ ᠢ ᠪᠠᠲᠤᠯᠠᠨ ᠴᠡᠭᠴᠡᠯᠡᠨ ᠰᠠᠶᠢᠵᠢᠷᠠᠭᠤᠯᠵᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ | ᠪᠠᠶᠢᠭᠤᠯᠤᠨ᠂ ᠬᠤᠶᠢᠰᠢᠳᠠ ᠶᠢᠨ ᠬᠠᠮᠢᠶᠠᠷᠤᠯᠲᠠ ᠬᠠᠮᠠᠭᠠᠯᠠᠯᠲᠠ ᠶᠢ ᠰᠠᠶᠢᠲᠤᠷ ᠬᠢᠵᠦ᠂ ᠠᠮᠤ ᠪᠤᠳᠠᠭᠠᠨ ᠤ ᠠᠮᠤᠷ | ᠲᠦᠪᠰᠢᠨ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ | ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠵᠢᠭᠰᠠᠭᠠᠯ ᠤᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠨ᠂ | ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ᠂ ᠨᠡᠶᠢᠭᠡᠮ ᠤᠨ ᠢᠳᠡᠪᠬᠢ ᠬᠦᠴᠦᠨ ᠢ | ᠨᠢᠭᠲᠠᠷᠠᠭᠤᠯᠤᠨ᠂ ᠭᠤᠣᠯ ᠤᠷᠤᠰᠬᠠᠯ ᠤᠨ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠪᠤᠵᠠᠭᠠᠶᠢᠷᠠᠭᠤᠯᠬᠤ ᠬᠡᠷᠡᠭᠲᠡᠢ᠃ | ᠠᠵᠤ ᠠᠬᠤᠢ ᠶᠢᠨ ᠠᠵᠢᠯᠯᠠᠭᠠᠨ ᠤ ᠲᠤᠬᠢᠷᠠᠭᠤᠯᠤᠯᠳᠠ ᠶᠢ ᠴᠢᠩᠭᠠᠳᠬᠠᠵᠤ᠂ ᠡᠭᠦᠷᠭᠡ ᠬᠠᠷᠠᠯᠲᠠ ᠶᠢ ᠴᠢᠩᠭ᠎ᠠ | ᠠᠩᠬᠠᠷᠤᠨ᠂ ᠦᠷᠭᠦᠯᠵᠢᠯᠡᠨ ᠲᠦᠷᠦᠯ ᠵᠦᠢᠯ ᠢ ᠬᠦᠴᠦᠷᠬᠡᠭᠵᠢᠭᠦᠯᠵᠦ᠂ ᠳᠤᠲᠠᠭᠤᠳᠠᠯ ᠢᠶᠠᠨ ᠨᠥᠬᠦᠪᠥᠷᠢᠯᠡᠨ᠂ | ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠮᠤᠷ ᠲᠦᠪᠰᠢᠨ ᠤ ᠬᠤᠷᠢᠭ᠎ᠠ | ᠱᠤᠭᠤᠮ ᠢ ᠪᠠᠲᠤ ᠰᠠᠬᠢᠨ᠂ ᠡᠯ᠎ᠡ ᠵᠦᠢᠯ ᠤᠨ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ | ᠠᠬᠢᠭᠤᠯᠬᠤ ᠬᠡᠷᠡᠭᠲᠡᠢ ᠭᠡᠵᠤ ᠴᠢᠩᠭᠠᠳᠬᠠᠵᠠᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |