︽ᠪᠥᠬᠦ ᠤᠯᠤᠰ ᠤᠨ ᠨᠢᠳᠦ ᠪᠠᠨ ᠬᠠᠶᠢᠷᠠᠯᠠᠬᠤ ᠡᠳᠦᠷ︾᠎ ᠲᠤ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠥᠷᠨᠢᠭᠦᠯᠦᠭᠰᠡᠨ ᠵᠠᠯᠠᠶᠢᠳ ᠬᠤᠰᠢᠭᠤ
ᠨᠡᠶᠢᠲᠡᠯᠡᠭᠰᠡᠨ ᠴᠠᠭ᠄
2025/6/9
     ᠡᠨᠡ ᠵᠢᠯ ᠤᠨ 6 ᠰᠠᠷ᠎ᠠ ᠶᠢᠨ 6᠎ ᠤ ᠡᠳᠦᠷ ᠪᠣᠯ ᠭᠤᠴᠢᠳᠠᠬᠢ ᠪᠦᠬᠦ ᠤᠯᠤᠰ ᠤᠨ ᠨᠢᠳᠦ ᠪᠠᠨ ᠬᠠᠶᠢᠷᠠᠯᠠᠬᠤ ᠡᠳᠦᠷ ᠪᠣᠯᠤᠨ᠎ᠠ᠃ ᠡᠨᠡ ᠵᠢᠯ ᠤᠨ  ᠪᠦᠬᠦ ᠤᠯᠤᠰ ᠤᠨ  ︽ᠨᠢᠳᠤ ᠪᠠᠨ ᠬᠠᠶᠢᠷᠠᠯᠠᠬᠤ ᠡᠳᠤᠷ︾᠎ ᠤᠨ ᠤᠬᠠᠭᠤᠯᠭ᠎ᠠ ᠬᠦᠮᠤᠵᠢᠯ ᠤᠨ ᠭᠤᠤᠯ ᠰᠡᠳᠤᠪ ᠪᠤᠯ ︽ᠦᠷᠬᠦᠯᠵᠢ ᠲᠤᠬᠢᠶᠠᠯᠳᠤᠳᠠᠭ ᠨᠢᠳᠦᠨ ᠤ ᠡᠷᠡᠭᠦᠯ ᠮᠡᠨᠳᠦ ᠶᠢᠨ ᠠᠰᠠᠭᠤᠳᠠᠯ ᠎ ᠳᠤ ᠠᠩᠬᠠᠷᠤᠯ ᠢᠶᠠᠨ ᠬᠠᠨᠳᠤᠭᠤᠯᠤᠶ᠎ᠠ︾᠃ 6 ᠰᠠᠷ᠎ᠠ ᠶᠢᠨ 5᠎ ᠤ ᠡᠳᠦᠷ᠂ ᠵᠠᠯᠠᠶᠢᠳ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ᠂ ᠵᠠᠯᠠᠶᠢᠳ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠯᠠᠶᠢᠳ ᠬᠤᠰᠢᠭᠤᠨ ᠤ ᠬᠤᠶᠠᠳᠤᠭᠠᠷ ᠡᠮᠴᠢᠯᠡᠭᠡᠨ ᠤ ᠬᠠᠮᠲᠤ ᠶᠢᠨ ᠴᠣᠭᠴᠠ ᠶᠢᠨ ᠶᠡᠷᠦᠩᠬᠡᠶ ᠡᠮᠨᠡᠯᠭᠡ ᠶᠢᠨ ᠬᠤᠷᠢᠶ᠎ᠠ ᠬᠠᠮᠲᠤᠷᠠᠨ ᠬᠤᠶᠠᠷ ᠡᠳᠦᠷ ᠤᠨ ᠬᠤᠭᠤᠴᠠᠭ᠎ᠠ ᠲᠠᠢ ︽ᠪᠥᠬᠦ ᠤᠯᠤᠰ ᠤᠨ ᠨᠢᠳᠦ ᠪᠠᠨ ᠬᠠᠶᠢᠷᠠᠯᠠᠬᠤ ᠡᠳᠦᠷ︾᠎ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠥᠷᠨᠢᠭᠦᠯᠵᠦ᠂ ᠲᠤᠰᠬᠠᠶ ᠮᠡᠷᠭᠡᠵᠢᠯ ᠪᠠ ᠬᠠᠶᠢᠷ᠎ᠠ ᠬᠠᠯᠠᠮᠵᠢ ᠪᠠᠷ ᠢᠶᠠᠨ ᠣᠯᠠᠨ ᠲᠦᠮᠡᠨ ᠤ ᠨᠢᠳᠦᠨ ᠤ ᠡᠷᠡᠭᠦᠯ ᠮᠡᠨᠳᠦ ᠶᠢ ᠬᠠᠮᠠᠭᠠᠯᠠᠪᠠ᠃
11(1).jpg    
    ᠵᠠᠯᠠᠶᠢᠳ ᠬᠤᠰᠢᠭᠤᠨ ᠤ ᠬᠤᠶᠠᠳᠤᠭᠠᠷ ᠡᠮᠴᠢᠯᠡᠭᠡᠨ ᠤ ᠬᠠᠮᠲᠤ ᠶᠢᠨ ᠴᠣᠭᠴᠠ ᠶᠢᠨ ᠶᠡᠷᠦᠩᠬᠡᠶ ᠡᠮᠨᠡᠯᠭᠡ ᠶᠢᠨ ᠬᠤᠷᠢᠶᠠᠨ ᠤ ᠨᠢᠳᠦᠨ ᠤ ᠰᠠᠯᠠᠭᠠᠨ ᠤ ᠡᠭᠦᠳᠡᠨ ᠡᠮᠨᠡᠯᠭᠡ ᠳᠤ᠂ ᠦᠨ᠎ᠡ ᠲᠥᠯᠥᠪᠦᠷᠢ ᠥᠬᠡᠶ ᠪᠠᠷ ᠪᠠᠶᠢᠴᠠᠭᠠᠬᠤ ᠠᠵᠢᠯᠯᠠᠭ᠎ᠠ ᠨᠢ ᠣᠯᠠᠨ ᠲᠦᠮᠡᠨ ᠤ ᠠᠩᠬᠠᠷᠤᠯ ᠢ ᠲᠠᠲᠠᠪᠠ᠃ ᠡᠮᠴᠢ ᠰᠤᠪᠢᠯᠠᠭᠴᠢᠳ ᠤᠯᠠᠨ ᠲᠦᠮᠡᠨ ᠤ ᠨᠢᠳᠤᠨ ᠤ ᠡᠪᠡᠳᠴᠢᠨ ᠢ ᠨᠠᠷᠢᠨ ᠬᠢᠨᠠᠮᠠᠭᠠᠢ ᠪᠠᠶᠢᠴᠠᠭᠠᠵᠤ᠂ ᠮᠠᠳᠠᠭ ᠲᠠᠢ ᠠᠰᠠᠭᠤᠳᠠᠯ ᠢ ᠨᠢ ᠬᠦᠯᠢᠴᠡᠩᠭᠦᠶ ᠪᠠᠷ ᠬᠠᠷᠢᠭᠤᠯᠬᠤ ᠶᠢᠨ ᠬᠠᠮᠲᠤ ᠤᠬᠠᠭᠤᠯᠭ᠎ᠠ ᠶᠢᠨ ᠳᠡᠪᠲᠡᠷ ᠲᠠᠷᠬᠠᠭᠠᠵᠤ᠂ ᠳᠥᠭᠦᠮ ᠣᠶᠢᠯᠠᠭᠠᠮᠵᠢᠲᠠᠶ ᠦᠭᠡ ᠬᠡᠯᠡ ᠪᠠᠷ ᠨᠢᠳᠦᠨ ᠤ ᠡᠪᠡᠳᠴᠢᠨ ᠤ ᠢᠯᠡᠷᠡᠯ᠂ ᠡᠭᠦᠰᠦᠭᠰᠡᠨ ᠰᠢᠯᠲᠠᠭᠠᠨ ᠵᠢᠴᠢ ᠬᠤᠤᠷ ᠬᠥᠨᠥᠭᠡᠯ ᠢ ᠲᠠᠶᠢᠯᠪᠤᠷᠢᠯᠠᠵᠤ᠂ ᠲᠡᠳᠡᠨᠡᠷ ᠲᠤ ᠨᠢᠳᠦᠨ ᠤ ᠡᠷᠡᠭᠦᠯ ᠮᠡᠨᠳᠦ ᠶᠢᠨ ᠴᠢᠬᠤᠯᠠ ᠠᠴᠢ ᠬᠤᠯᠪᠤᠭᠳᠠᠯ ᠢ ᠨᠠᠩ ᠲᠣᠳᠣᠷᠬᠠᠶ ᠲᠠᠨᠢᠭᠤᠯᠪᠠ᠃
22(1).jpg
      ︽ᠪᠥᠬᠦ ᠤᠯᠤᠰ ᠤᠨ ᠨᠢᠳᠦ ᠪᠠᠨ ᠬᠠᠶᠢᠷᠠᠯᠠᠬᠤ ᠡᠳᠦᠷ︾᠎ ᠲᠠᠬᠢ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢᠨ ᠬᠤᠭᠤᠴᠠᠭᠠᠨ ᠳᠤ᠂ ᠣᠶᠢᠷ᠎ᠠ ᠬᠠᠷᠠᠭ᠎ᠠ᠂ ᠴᠠᠭᠠᠨ ᠬᠠᠷᠠᠩ᠂ ᠴᠡᠩᠬᠡᠷ ᠬᠠᠷᠠᠩ᠂ ᠨᠢᠳᠦ ᠬᠠᠲᠠᠬᠤ ᠭᠡᠮ᠂ ᠰᠢᠬᠢᠷ ᠰᠢᠵᠢᠩ ᠡᠪᠡᠳᠴᠢᠨ ᠲᠠᠢ ᠨᠢᠳᠦᠨ ᠤ ᠲᠣᠣᠷᠯᠢᠭ ᠪᠦᠷᠬᠦᠪᠴᠢ ᠶᠢᠨ ᠡᠪᠡᠳᠴᠢᠨ ᠤ ᠬᠤᠪᠢᠷᠠᠯᠲᠠ ᠵᠡᠷᠭᠡ ᠬᠥᠮᠥᠰ ᠢ ᠰᠢᠭᠰᠢᠨ ᠪᠠᠶᠢᠴᠠᠭᠠᠪᠠ᠃ ᠡᠪᠡᠳᠴᠢᠨ ᠦᠵᠡᠭᠦᠯᠦᠭᠰᠡᠨ ᠡᠪᠡᠳᠴᠢᠲᠡᠨ ᠡᠩ ᠤᠨ ᠬᠠᠷᠠᠭ᠎ᠠ᠂ ᠬᠠᠷᠠᠭ᠎ᠠ ᠪᠠᠶᠢᠴᠠᠭᠠᠬᠤ᠂ ᠵᠠᠪᠰᠠᠷ ᠤᠨ ᠳ᠋ᠧᠩ ᠵᠢᠴᠢ ᠨᠢᠳᠦᠨ ᠤ ᠳᠠᠷᠤᠯᠲᠠ ᠶᠢ ᠪᠠᠶᠢᠴᠠᠭᠠᠬᠤ ᠰᠦᠢᠳᠬᠡᠯ ᠢ ᠬᠡᠯᠲᠦᠷᠢᠭᠦᠯᠵᠦ ᠦᠭᠴᠠᠢ᠃ ᠪᠦᠬᠦᠯᠢ 55 ᠨᠠᠰᠤᠨ ᠠᠴᠠ ᠳᠡᠭᠡᠭᠰᠢᠬᠢ ᠪᠤᠶᠤ ᠰᠢᠬᠢᠷ ᠰᠢᠵᠢᠩ ᠡᠪᠡᠳᠴᠢᠨ᠂ ᠴᠢᠰᠤᠨ ᠳᠠᠷᠤᠯᠲᠠ ᠥᠨᠳᠥᠷ᠂ ᠬᠡᠳᠤ ᠣᠶᠢᠷ᠎ᠠ ᠬᠠᠷᠠᠭ᠎ᠠ ᠲᠠᠢ ᠡᠪᠡᠳᠴᠢᠲᠡᠨ ᠳᠤ ᠪᠠᠰᠠ ᠦᠨ᠎ᠡ ᠲᠥᠯᠥᠪᠦᠷᠢ ᠦᠭᠡᠢ ᠪᠠᠷ ᠨᠢᠳᠦᠨ ᠤ ᠰᠡᠬᠦᠳᠡᠷ ᠲᠠᠳᠠᠵᠤ ᠦᠭᠪᠡ᠃
33(1).jpg
      ᠲᠤᠰ ᠤᠳᠠᠭᠠᠨ ᠤ ︽ᠰᠢᠭᠰᠢᠨ ᠪᠠᠶᠢᠴᠠᠭᠠᠬᠤ + ᠲᠠᠶᠢᠯᠤᠮᠵᠢ︾᠎ ᠶᠢᠨ ᠨᠢᠳᠦᠨ ᠤ ᠡᠷᠡᠭᠦᠯ ᠮᠡᠨᠳᠦ ᠶᠢᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠨᠢ ᠰᠢᠨᠵᠢᠯᠡᠬᠦ ᠤᠬᠠᠭᠠᠨᠴᠢ ᠪᠠᠷ ᠨᠢᠳᠦ ᠪᠠᠨ ᠬᠠᠮᠠᠭᠠᠯᠠᠬᠤ ᠳᠠᠳᠬᠠᠯ ᠢ ᠰᠠᠨᠠᠭᠠᠴᠢᠯᠠᠵᠤ᠂ ᠲᠤᠰᠬᠠᠶ ᠡᠮᠴᠢᠯᠡᠭᠡᠨ ᠤ ᠦᠢᠯᠡᠴᠢᠯᠡᠭᠡ ᠶᠢ ᠠᠷᠠᠳ ᠣᠯᠠᠨ ᠤ ᠳᠡᠷᠭᠡᠳᠡ ᠬᠦᠷᠭᠡᠭᠰᠡᠨ ᠪᠠᠶᠢᠨ᠎ᠠ᠃   
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号