ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠶᠢᠳ ᠬᠤᠰᠢᠭᠤᠨ ᠤ ᠬᠤᠷᠢᠶ᠎ᠠ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/9
     6 ᠰᠠᠷ᠎ᠠ ᠶᠢᠨ 6 ᠤ ᠡᠳᠦᠷ᠂ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠴᠢ ᠯᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠶᠢᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 2025 ᠣᠨ ᠤ ᠠᠷᠪᠠᠨ ᠲᠠᠪᠤᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠠᠢ᠃ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠳᠤ ᠨᠡᠶᠢᠲᠡᠯᠡᠭᠰᠡᠨ ᠴᠢᠬᠤᠯᠠ ᠵᠣᠬᠢᠶᠠᠯ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠬᠠᠮᠢᠶ᠎ᠠ ᠪᠥᠬᠦᠶ ᠬᠤᠷᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠥᠬᠦᠶ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ︽ᠦᠨᠡᠨ︾ ᠰᠡᠳᠬᠦᠯ ᠤᠨ 2025 ᠣᠨ ᠤ 11 ᠳ᠋ᠦ᠋ᠭᠡᠷ ᠬᠤᠭᠤᠴᠠᠭᠠᠨ ᠳᠤ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠤᠬᠢᠶᠠᠯ ︽ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ︾ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠰᠤᠷᠭᠠᠨ ᠬᠥᠮᠦᠵᠢᠯ ᠤᠨ ᠠᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠵᠤ᠂ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠪᠠᠭᠰᠢ ᠶᠢᠨ ᠡᠩᠨᠡᠭᠡ ᠶᠢ ᠪᠠᠶᠢᠭᠤᠯᠬᠤ ᠬᠡᠷᠡᠭᠲᠡᠢ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ ᠂ ᠰᠢᠯᠭᠠᠭᠤᠯᠤᠭᠰᠠᠳ ᠲᠤ ᠠᠮᠤᠷ ᠲᠦᠪᠰᠢᠨ᠂ ᠨᠠᠮ ᠵᠢᠮ᠂ ᠰᠠᠨᠠᠭ᠎ᠠ ᠠᠮᠤᠷ ᠰᠢᠯᠭᠠᠯᠲᠠ ᠶᠢᠨ ᠣᠷᠴᠢᠨ ᠲᠣᠭᠤᠷᠢᠨ ᠢ ᠪᠣᠶ ᠪᠣᠯᠭᠠᠵᠤ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠲᠣᠭᠲᠠᠭᠤᠨ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠰᠢᠢᠳᠪᠤᠷᠢᠯᠡᠵᠤ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠯ ᠤᠨ ᠬᠡᠷᠡᠭ ᠢ ᠰᠠᠶᠢᠳᠤᠷ ᠬᠢᠨᠠᠨ ᠬᠠᠷᠭᠤᠭᠤᠯᠵᠤ᠂ ᠲᠠᠷᠤᠶᠢᠬᠠᠨ ᠰᠢᠢᠳᠪᠦᠷᠢᠯᠡᠵᠦ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ ᠶᠢ ᠪᠠᠷᠢᠮᠲᠠᠯᠠᠵᠤ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ ᠤᠨᠴᠠᠯᠢᠬᠳᠤ ᠠᠵᠤ ᠦᠢᠯᠡᠰ ᠢ ᠬᠥᠭᠵᠢᠭᠦᠯᠵᠦ᠂ ᠡᠳ᠋ ᠬᠦᠷᠦᠩᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠦᠷᠭᠦᠯᠵᠢᠯᠡᠨ ᠥᠷᠭᠡᠳᠬᠡᠬᠦ ᠬᠡᠷᠡᠭᠲᠡᠶ ᠭᠡᠵᠤ ᠴᠢᠬᠤᠯᠠᠴᠢᠯᠠᠵᠠᠢ᠃      ᠬᠤᠷᠠᠯ ᠠᠴᠠ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠢᠨᠵᠧᠨᠧᠷᠢᠩ ᠤᠨ ᠶᠠᠰᠤ ᠴᠢᠨᠠᠷ ᠢ ᠴᠢᠩᠭᠠᠳᠬᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠤᠪᠤᠶᠢᠯᠭᠠᠨ᠂ ᠴᠠᠭ ᠲᠤᠬᠠᠢ ᠳᠤᠨᠢ ᠶᠠᠰᠤ ᠴᠢᠨᠠᠷ ᠢ ᠪᠠᠲᠤᠯᠠᠨ ᠴᠡᠭᠴᠡᠯᠡᠨ ᠰᠠᠶᠢᠵᠢᠷᠠᠭᠤᠯᠵᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ᠂ ᠬᠤᠶᠢᠰᠢᠳᠠ ᠶᠢᠨ ᠬᠠᠮᠢᠶᠠᠷᠤᠯᠲᠠ ᠬᠠᠮᠠᠭᠠᠯᠠᠯᠲᠠ ᠶᠢ ᠰᠠᠶᠢᠲᠤᠷ ᠬᠢᠵᠦ᠂ ᠠᠮᠤ ᠪᠤᠳᠠᠭᠠᠨ ᠤ ᠠᠮᠤᠷ ᠲᠦᠪᠰᠢᠨ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠵᠢᠭᠰᠠᠭᠠᠯ ᠤᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠨ᠂ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ᠂ ᠨᠡᠶᠢᠭᠡᠮ ᠤᠨ ᠢᠳᠡᠪᠬᠢ ᠬᠦᠴᠦᠨ ᠢ ᠨᠢᠭᠲᠠᠷᠠᠭᠤᠯᠤᠨ᠂ ᠭᠤᠣᠯ ᠤᠷᠤᠰᠬᠠᠯ ᠤᠨ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠪᠤᠵᠠᠭᠠᠶᠢᠷᠠᠭᠤᠯᠬᠤ ᠬᠡᠷᠡᠭᠲᠡᠢ᠃ ᠠᠵᠤ ᠠᠬᠤᠢ ᠶᠢᠨ ᠠᠵᠢᠯᠯᠠᠭᠠᠨ ᠤ ᠲᠤᠬᠢᠷᠠᠭᠤᠯᠤᠯᠳᠠ ᠶᠢ ᠴᠢᠩᠭᠠᠳᠬᠠᠵᠤ᠂ ᠡᠭᠦᠷᠭᠡ ᠬᠠᠷᠠᠯᠲᠠ ᠶᠢ ᠴᠢᠩᠭ᠎ᠠ ᠠᠩᠬᠠᠷᠤᠨ᠂ ᠦᠷᠭᠦᠯᠵᠢᠯᠡᠨ ᠲᠦᠷᠦᠯ ᠵᠦᠢᠯ ᠢ ᠬᠦᠴᠦᠷᠬᠡᠭᠵᠢᠭᠦᠯᠵᠦ᠂ ᠳᠤᠲᠠᠭᠤᠳᠠᠯ ᠢᠶᠠᠨ ᠨᠥᠬᠦᠪᠥᠷᠢᠯᠡᠨ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠨ᠂ ᠡᠯ᠎ᠡ ᠵᠦᠢᠯ ᠤᠨ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ ᠭᠡᠵᠤ ᠴᠢᠩᠭᠠᠳᠬᠠᠵᠠᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号