| 6 ᠰᠠᠷ᠎ᠠ ᠶᠢᠨ 30 ᠤ ᠡᠳᠤᠷ᠂ ᠵᠠᠯᠠᠶᠢᠳ ᠬᠤᠰᠢᠭᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠡᠨ ᠤ ᠬᠤᠷᠢᠨ ᠬᠤᠶᠠᠳᠤᠭᠠᠷ ᠤᠳᠠᠭᠠᠨ ᠤ ᠬᠤᠷᠠᠯ | ᠬᠤᠷᠠᠯᠳᠤᠭᠤᠯᠵᠤ᠂ ᠬᠤᠷᠠᠯ ᠠᠴᠠ ︽ ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠪᠠᠷ ᠦᠨᠳᠤᠰᠤᠨ ᠱᠠᠳᠤᠨ ᠤ | ᠲᠠᠷᠤᠭᠠᠰᠤ ᠶᠢ ᠬᠦᠩᠭᠡᠷᠡᠬᠦᠯᠬᠦ ᠲᠤᠭᠳᠠᠭᠠᠯ ᠤᠳ︾ ᠢ ᠰᠤᠷᠤᠯᠴᠠᠨ ᠲᠠᠶᠢᠯᠪᠤᠷᠢᠯᠠᠵᠤ᠂ ᠬᠠᠮᠢᠶ᠎ᠠ ᠪᠦᠬᠦᠢ | ᠮᠡᠳᠡᠬᠦᠯᠦᠯᠳᠡ ᠶᠢ ᠰᠤᠨᠤᠰᠴᠤ ᠬᠢᠨᠠᠨ ᠵᠦᠪᠯᠡᠵᠤ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ | ᠤᠨ ᠪᠠᠶᠢᠩᠭᠤ ᠶᠢᠨ ᠬᠤᠷᠢᠶᠡᠨ ᠤ ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ᠂ ᠡᠷᠬᠢᠯᠡᠭᠴᠢ ᠬᠠᠰᠪᠦ᠋ᠬᠡ | ᠬᠤᠷᠠᠯ ᠢ ᠡᠷᠬᠢᠯᠡᠪᠡ᠃ | ᠬᠤᠷᠠᠯ ᠠᠴᠠ᠂ ᠦᠵᠡᠯ ᠰᠠᠨᠠᠭ᠎ᠠ ᠲᠠᠨᠢᠯᠳᠠ ᠪᠠᠨ ᠤᠯᠠᠮ ᠨᠢᠭᠡ ᠠᠯᠬᠤᠮ ᠭᠦᠨᠵᠡᠬᠡᠶᠢᠷᠡᠬᠦᠯᠵᠤ᠂ ︽ | ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠪᠠᠷ ᠦᠨᠳᠤᠰᠤᠨ ᠱᠠᠳᠤᠨ ᠤ ᠲᠠᠷᠤᠭᠠᠰᠤ ᠶᠢ ᠬᠦᠩᠭᠡᠷᠡᠬᠦᠯᠬᠦ ᠲᠤᠭᠳᠠᠭᠠᠯ | ᠤᠳ︾ ᠢ ᠰᠤᠷᠤᠯᠴᠠᠨ ᠲᠤᠭᠤᠰᠢᠯᠠᠭᠤᠯᠬᠤ ᠪᠠᠷ ᠠᠵᠠ ᠲᠤᠬᠢᠶᠠᠯ ᠪᠤᠯᠭᠠᠵᠤ᠂ ᠬᠡᠯᠪᠡᠷᠢᠴᠢ ᠦᠵᠡᠯ᠂ ᠨᠤᠶᠠᠨᠴᠢ | ᠰᠤᠷᠳᠠᠯ ᠢ ᠴᠢᠩᠭ᠎ᠠ ᠴᠡᠭᠡᠷᠯᠡᠵᠤ᠂ ᠲᠤᠭᠳᠠᠭᠠᠯ ᠤᠨ ᠱᠠᠭᠠᠷᠳᠠᠯᠭ᠎ᠠ ᠶᠢ ᠡᠳᠤᠷ ᠲᠤᠳᠤᠮ ᠤᠨ ᠬᠢᠨᠠᠯᠳᠠ ᠲᠠᠯᠪᠢᠬᠤ᠂ | ᠠᠵᠢᠯ ᠢ ᠠᠬᠢᠭᠤᠯᠬᠤ ᠡᠯ᠎ᠠ ᠭᠤᠭᠴᠤᠭ᠎ᠠ ᠳᠤ ᠠᠭᠤᠰᠬᠠᠵᠤ᠂ ᠦᠨᠳᠤᠰᠤᠨ ᠱᠠᠳᠤᠨ ᠤ ᠠᠵᠢᠯ ᠤᠨ ᠠᠮᠢ ᠠᠬᠤᠢ ᠶᠢ | ᠦᠷᠬᠦᠯᠵᠢᠯᠡᠨ ᠰᠢᠯᠢᠳᠡᠭᠵᠢᠬᠦᠯᠵᠤ᠂ ᠦᠨᠳᠤᠰᠤᠨ ᠱᠠᠳᠤᠨ ᠤ ᠦᠨᠳᠤᠷ ᠪᠦᠳᠤᠮᠵᠢᠳᠠᠢ ᠪᠠᠷ ᠡᠭᠦᠷᠭᠡ ᠲᠤᠰᠢᠶᠠᠯ ᠢᠶᠠᠨ | ᠭᠦᠢᠴᠡᠳᠭᠡᠬᠦ ᠳᠤ ︽ᠬᠦᠯᠢᠶᠡᠰᠤ ᠶᠢ ᠨᠢ ᠰᠤᠯᠠᠯᠠᠵᠤ ᠴᠢᠳᠠᠪᠤᠷᠢ ᠶᠢ ᠨᠢ ᠤᠯᠭᠤᠬᠤ︾ ᠬᠡᠷᠡᠭᠳᠡᠢ ᠭᠡᠵᠤ | ᠴᠢᠬᠤᠯᠠᠴᠢᠯᠠᠵᠠᠢ᠃ | ᠬᠤᠷᠠᠯ ᠠᠴᠠ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ᠂ ᠬᠠᠷᠠᠯᠳᠠ ᠪᠠᠷ ᠤᠳᠤᠷᠢᠳᠤᠮᠵᠢ ᠪᠤᠯᠭᠠᠬᠤ ᠶᠢ | ᠢᠮᠠᠭᠳᠠ ᠪᠠᠷᠢᠮᠳᠠᠯᠠᠵᠤ᠂ ᠡᠭᠦᠷᠭᠡ ᠲᠤᠰᠢᠶᠠᠯ ᠢᠶᠠᠨ ᠭᠦᠢᠴᠡᠳᠭᠡᠬᠦ ᠵᠤᠶᠢᠯᠡᠰ ᠤᠨ ᠨᠠᠷᠢᠨ ᠲᠠᠩᠰᠠ ᠶᠢ ᠰᠢᠨᠵᠢᠯᠡᠬᠦ | ᠤᠬᠠᠭᠠᠨᠴᠢ ᠪᠠᠷ ᠤᠨᠤᠪᠴᠢᠳᠠᠢ ᠪᠠᠶᠢᠯᠭᠠᠬᠤ᠂ ᠪᠤᠳᠠᠳᠠᠢ ᠶᠢ ᠡᠷᠬᠢᠮᠯᠡᠨ ᠬᠡᠷᠡᠭᠴᠡᠭᠡ ᠲᠠᠢ ᠪᠠᠶᠢᠬᠤ ᠶᠢ ᠠᠬᠢᠭᠤᠯᠵᠤ᠂ | ᠦᠨᠳᠤᠰᠤᠨ ᠱᠠᠳᠤᠨ ᠤ ᠵᠠᠰᠠᠯᠳᠠ ᠶᠢᠨ ᠶᠠᠰᠤ ᠴᠢᠨᠠᠷ ᠢ ᠲᠡᠭᠡᠭᠰᠢᠯᠡᠬᠦᠯᠤᠨ ᠦᠷ᠎ᠠ ᠠᠰᠢᠭ ᠢ ᠨᠡᠮᠡᠭᠳᠡᠬᠦᠯᠬᠦ ᠶᠢ | ᠠᠬᠢᠭᠤᠯᠬᠤ ᠬᠡᠷᠡᠭᠳᠡᠢ᠃ ᠠᠶᠤᠯ ᠲᠦᠭᠰᠢᠬᠦᠷᠢ ᠶᠢᠨ ᠤᠬᠠᠮᠰᠠᠷ ᠢ ᠪᠠᠳᠤ ᠪᠠᠬᠢ ᠪᠤᠢ ᠪᠤᠯᠭᠠᠵᠤ᠂ ᠪᠦᠬᠦ ᠶᠠᠪᠤᠴᠠ ᠶᠢᠨ | ᠬᠢᠨᠠᠨ ᠬᠠᠮᠢᠶᠠᠷᠤᠯᠳᠠ ᠶᠢ ᠴᠢᠩᠭᠠᠳᠬᠠᠵᠤ᠂ ᠦᠷᠢ ᠦᠭᠴᠡᠭᠡ ᠶᠢᠨ ᠬᠡᠪᠴᠢᠶ᠎ᠠ ᠵᠦᠢ ᠵᠤᠬᠢᠰᠳᠠᠢ᠂ ᠤᠷᠤᠭᠤᠯᠤᠯᠳᠠ | ᠶᠢᠨ ᠬᠠᠨᠳᠤᠰᠢ ᠨᠠᠷᠢᠨ ᠤᠨᠤᠪᠴᠢᠳᠠᠢ᠂ ᠬᠡᠷᠡᠭᠯᠡᠯᠳᠡ ᠨᠢ ᠦᠨᠳᠤᠷ ᠪᠦᠳᠤᠮᠵᠢᠳᠠᠢ ᠪᠠᠶᠢᠬᠤ ᠶᠢ ᠪᠠᠳᠤᠯᠠᠵᠤ᠂ ᠠᠶᠤᠯ | ᠲᠦᠭᠰᠢᠬᠦᠷᠢ ᠶᠢ ᠰᠡᠷᠭᠡᠶᠢᠯᠡᠨ ᠡᠵᠡᠮᠳᠡᠬᠦ ᠠᠵᠢᠯ ᠢ ᠪᠤᠳᠠᠳᠠᠢ ᠠᠳᠬᠤᠵᠤ᠂ ᠲᠦᠷᠢᠮᠵᠢᠭᠰᠡᠨ ᠬᠠᠮᠢᠶᠠᠷᠤᠯᠳᠠ ᠪᠠᠷ ᠪᠦᠬᠦ | ᠬᠤᠰᠢᠭᠤᠨ ᠤ ᠠᠵᠤ ᠠᠬᠤᠢ ᠶᠢᠨ ᠲᠤᠭᠳᠠᠭᠤᠨ ᠡᠷᠡᠬᠦᠯ ᠢᠶᠠᠷ ᠬᠦᠭᠵᠢᠬᠦ ᠶᠢ ᠠᠬᠢᠭᠤᠯᠬᠤ ᠬᠡᠷᠡᠭᠳᠡᠢ ᠭᠡᠵᠤ | ᠴᠢᠬᠤᠯᠠᠴᠢᠯᠠᠵᠠᠢ᠃ |