ᠲᠤᠯᠤᠳᠤᠭᠠᠷ ᠬᠤᠭᠤᠴᠠᠭᠠᠨ ᠤ ᠪᠦᠬᠦ ᠤᠯᠤᠰ ᠤᠨ ᠪᠤᠯᠪᠠᠰᠤᠨ ᠲᠤᠰᠬᠤᠨ ᠪᠠᠯᠭᠠᠰᠤ ᠪᠠᠷ ᠦᠨᠡᠯᠡᠭᠳᠡᠭᠰᠡᠨ ᠵᠠᠯᠠᠶᠢᠳ ᠬᠤᠰᠢᠭᠤᠨ ᠤ ᠬᠤᠯᠪᠤᠭ᠎ᠠ ᠪᠠᠯᠭᠠᠰᠤᠨ ᠤ ᠬᠦ᠋ ᠮᠢᠶᠤᠤ ᠲᠤᠰᠬᠤᠨ ᠢ ᠲᠡᠮᠳᠡᠭᠯᠡᠪᠡ
ᠨᠡᠶᠢᠲᠡᠯᠡᠭᠰᠡᠨ ᠴᠠᠭ᠄
2025/7/2
     ᠵᠠᠯᠠᠶᠢᠳ ᠬᠤᠰᠢᠭᠤᠨ ᠤ ᠬᠤᠯᠪᠤᠭ᠎ᠠ ᠪᠠᠯᠭᠠᠰᠤᠨ ᠤ ᠬᠦ᠋ ᠮᠢᠶᠤᠤ ᠲᠤᠰᠬᠤᠨ ᠦᠪᠡᠷᠮᠢᠴᠠ ᠷᠢᠳᠢ ᠰᠢᠳᠢ ᠪᠠ ᠢᠳᠡᠪᠬᠢ ᠬᠦᠴᠤᠨ ᠢᠶᠠᠷ ᠢᠶᠠᠨ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠶᠠᠪᠤᠴᠠ ᠳᠠᠬᠢ ᠦᠯᠢᠭᠡᠷ ᠲᠠᠭᠤᠷᠢᠶᠠᠯ ᠪᠤᠯᠪᠠ᠃ ᠤᠶᠢᠷ᠎ᠠ ᠶᠢᠨ ᠡᠳᠤᠷ᠂ ᠬᠦ᠋ ᠮᠢᠶᠤᠤ ᠲᠤᠰᠬᠤᠨ ︽ᠲᠤᠯᠤᠳᠤᠭᠠᠷ ᠬᠤᠭᠤᠴᠠᠭᠠᠨ ᠤ ᠪᠦᠬᠦ ᠤᠯᠤᠰ ᠤᠨ ᠪᠤᠯᠪᠠᠰᠤᠨ ᠲᠤᠰᠬᠤᠨ ᠪᠠᠯᠭᠠᠰᠤ︾ ᠶᠢᠨ ᠢᠷᠠᠭᠤ ᠠᠯᠳᠠᠷ ᠢ ᠬᠦᠷᠳᠡᠪᠡ᠃ ᠲᠤᠰᠬᠤᠨ ᠤ ᠨᠠᠮ ᠤᠨ ᠡᠬᠦᠷ ᠤᠨ ᠱᠦᠵᠢ ᠡᠣ ᠶᠤᠸᠠᠢ ᠹᠦ᠋᠄ ︽ᠡ᠊ᠨᠠ ᠬᠡᠳᠤᠨ ᠵᠢᠯ ᠬᠦ᠋ ᠮᠢᠶᠤᠤ ᠲᠤᠰᠬᠤᠨ ᠤ ᠠᠵᠤ ᠦᠢᠯᠡᠰ ᠠᠭᠤᠰᠤᠯᠴᠠᠨ ᠬᠦᠭᠵᠢᠵᠤ᠂ ᠬᠦᠳᠡᠭᠡ ᠲᠤᠰᠬᠤᠨ ᠤ ᠪᠦᠳᠤᠭᠡᠨ ᠪᠠᠶᠢᠭᠤᠯᠤᠯᠳᠠ ᠵᠡᠷᠭᠡ ᠲᠠᠯ᠎ᠠ ᠳᠤ ᠦᠷᠬᠦᠯᠵᠢᠯᠡᠨ ᠬᠦᠴᠤᠯᠡᠭᠰᠡᠨ ᠠᠴᠠ ᠲᠤᠰᠬᠤᠨ ᠳᠤ ᠲᠦᠢᠯ ᠤᠨ ᠶᠡᠭᠡ ᠬᠤᠪᠢᠷᠠᠯᠳᠠ ᠭᠠᠷᠴᠠᠢ︾ ᠭᠡᠵᠤ ᠤᠮᠤᠭᠰᠢᠯᠳᠠᠢ ᠶᠠᠷᠢᠨ᠎ᠠ᠃     ᠬᠦ᠋ ᠮᠢᠶᠤᠤ ᠲᠤᠰᠬᠤᠨ ᠨᠢ 20 ᠲᠡᠭᠰᠢ ᠲᠦᠷᠪᠡᠯᠵᠢᠨ ᠺᠢᠯᠤᠮᠧᠲᠷ ᠢ ᠡᠵᠡᠯᠡᠨ᠂ ᠨᠡᠶᠢᠳᠠ 618 ᠡᠷᠤᠬᠡ 1733 ᠬᠦᠮᠤᠨ ᠠᠷᠠᠳ ᠡ᠊ᠨᠳᠠ ᠠᠵᠤ ᠲᠦᠷᠤᠨ ᠠᠮᠢᠳᠤᠷᠠᠵᠤ ᠪᠤᠢ᠃ ᠤᠶᠢᠷ᠎ᠠ ᠶᠢᠨ ᠵᠢᠯ ᠠᠴᠠ ᠨᠠᠭᠠᠰᠢ᠂ ᠬᠦ᠋ ᠮᠢᠶᠤᠤ ᠲᠤᠰᠬᠤᠨ ᠪᠤᠳᠠᠰ ᠤᠨ ᠪᠤᠯᠪᠠᠰᠤᠨ ᠪᠠ ᠤᠶᠤᠨ ᠤ ᠪᠤᠯᠪᠠᠰᠤᠨ ᠢ ᠵᠡᠷᠭᠡᠪᠡᠷ ᠠᠳᠬᠤᠨ᠂ ︽ᠴᠡᠪᠡᠷ ᠴᠡᠮᠴᠡᠭᠡᠷ ᠂ ᠦᠵᠡᠰᠬᠦᠯᠡᠩᠳᠤ ᠰᠠᠶᠢᠬᠠᠨ᠂ ᠡᠶ᠎ᠡ ᠨᠠᠶᠢᠷᠠᠮᠳᠠᠭᠤ᠂ ᠠᠮᠤᠷ ᠲᠤᠭᠳᠠᠭᠤᠨ︾ ᠲᠤᠰᠬᠤᠨ ᠢ ᠬᠦᠴᠤᠯᠡᠨ ᠡᠬᠦᠳᠴᠤ᠂ ᠪᠦᠬᠦ ᠤᠯᠤᠰ ᠤᠨ ᠪᠤᠯᠪᠠᠰᠤᠨ ᠲᠤᠰᠬᠤᠨ ᠪᠠᠯᠭᠠᠰᠤᠨ ᠤ ᠪᠦᠳᠤᠭᠡᠨ ᠪᠠᠶᠢᠭᠤᠯᠤᠯᠳᠠ ᠶᠢᠨ ᠵᠠᠮ ᠢᠶᠠᠷ ᠡᠷᠡᠯᠬᠡᠭᠯᠡᠨ ᠤᠷᠤᠭᠰᠢᠯᠠᠵᠤ᠂ ᠤᠷᠢᠳ ᠬᠤᠵᠢᠳ ᠲᠤᠮᠳᠠᠳᠤ ᠤᠯᠤᠰ ᠤᠨ ᠦᠵᠡᠰᠬᠦᠯᠡᠩᠳᠤ ᠰᠠᠶᠢᠬᠠᠨ ᠰᠡᠯᠡᠬᠦᠴᠡᠯ ᠤᠨ ᠬᠦᠳᠡᠭᠡ ᠲᠤᠰᠬᠤᠨ᠂ ᠤᠯᠤᠰ ᠤᠨ ᠤᠢ ᠰᠢᠭᠤᠢ ᠶᠢᠨ ᠬᠦᠳᠡᠭᠡ ᠲᠤᠰᠬᠤᠨ᠂ ᠦᠪᠠᠷᠳᠡᠭᠡᠨ ᠵᠠᠰᠠᠬᠤ ᠤᠷᠤᠨ ᠤ ᠲᠡᠰ ᠤᠨ ᠪᠤᠯᠪᠠᠰᠤᠨ ᠲᠤᠰᠬᠤᠨ ᠪᠠᠯᠭᠠᠰᠤ᠂ ᠪᠦᠬᠦ ᠤᠷᠤᠨ ᠤ ᠬᠦᠳᠡᠭᠡ ᠲᠤᠰᠬᠤᠨ ᠤ ᠵᠢᠭᠤᠯᠴᠢᠯᠠᠯ ᠤᠨ ᠵᠢᠱᠢᠶᠡᠴᠢ ᠲᠤᠰᠬᠤᠨ ᠵᠡᠷᠭᠡ ᠤᠯᠠᠨ ᠢᠷᠠᠭᠤ ᠠᠯᠳᠠᠷ ᠢ ᠬᠦᠷᠳᠡᠵᠤ ᠪᠢᠯᠠ᠃     ᠬᠦ᠋ ᠮᠢᠶᠤᠤ ᠲᠤᠰᠬᠤᠨ ᠳᠤ ᠬᠦᠷᠪᠡᠯ᠂ ᠠᠵᠤ ᠦᠢᠯᠡᠰ ᠠᠭᠤᠰᠤᠯᠴᠠᠨ ᠬᠦᠭᠵᠢᠭᠰᠡᠨ ᠠᠮᠢᠳᠤᠯᠢᠭ ᠵᠢᠷᠤᠭ ᠲᠦᠷᠰᠤ ᠨᠢᠳᠤᠨ ᠳᠤ ᠲᠡᠯᠭᠡᠭᠳᠡᠨ᠎ᠠ᠃ ︽ᠬᠦᠭᠵᠢᠯᠳᠠ ᠨᠢ ᠲᠤᠰᠬᠤᠨ ᠤ ᠠᠷᠠᠳ ᠤᠨ ᠲᠦᠯᠤᠭᠡ᠂ ᠬᠦᠭᠵᠢᠯᠳᠠ ᠨᠢ ᠲᠤᠰᠬᠤᠨ ᠤ ᠠᠷᠠᠳ ᠲᠤ ᠲᠦᠰᠢᠭᠯᠡᠨ᠂ ᠬᠦᠭᠵᠢᠯᠳᠠ ᠶᠢᠨ ᠦᠷ᠎ᠠ ᠪᠦᠳᠤᠮᠵᠢ ᠶᠢ ᠲᠤᠰᠬᠤᠨ ᠤ ᠠᠷᠠᠳ ᠬᠠᠮᠳᠤᠪᠠᠷ ᠡᠳ᠋ᠯᠡᠨ᠎ᠠ︾ ᠭᠡᠬᠦ ᠤᠨᠤᠯᠵᠢᠬᠤᠨ ᠤ ᠲᠠᠶᠢᠴᠢᠯᠠᠭ᠎ᠠ ᠲᠤᠤᠷ᠎ᠠ᠂ ᠬᠦ᠋ ᠮᠢᠶᠤᠤ ᠲᠤᠰᠬᠤᠨ ᠦᠪᠠᠷᠮᠢᠴᠠ ᠤᠨᠴᠠᠯᠢᠭᠳᠠᠢ ᠠᠭᠤᠰᠤᠯᠴᠠᠨ ᠬᠦᠭᠵᠢᠬᠦ ᠵᠠᠮ ᠢ ᠰᠦᠪᠡᠭᠴᠢᠯᠡᠯ᠎ᠠ᠃ 4A ᠲᠡᠰ ᠤᠨ ︽ᠲᠤᠮᠳᠠᠳᠤ ᠤᠯᠤᠰ ᠤᠨ ᠲᠤᠳᠤᠷᠭᠠᠨ ᠦᠵᠡᠮᠵᠢ ᠶᠢᠨ ᠤᠷᠤᠨ︾ ᠨᠢ ᠤᠯᠠᠮᠵᠢᠯᠠᠯᠳᠤ ᠤᠰᠤᠨ ᠲᠤᠳᠤᠷᠭ᠎ᠠ ᠲᠠᠷᠢᠵᠤ ᠤᠷᠭᠤᠭᠤᠯᠬᠤ ᠶᠢ ᠲᠤᠭᠤᠷᠢᠨ ᠦᠵᠡᠬᠦ ᠲᠠᠷᠢᠶᠠᠯᠠᠩ ᠪᠤᠯᠭᠠᠨ᠂ ᠵᠡᠬᠦᠨ ᠬᠤᠶᠢᠳᠤ ᠶᠢᠨ ᠭᠠᠵᠠᠷ ᠤᠷᠤᠨ ᠤ ᠬᠠᠮᠤᠭ ᠶᠡᠭᠡ 3D ᠪᠤᠰᠤᠭ᠎ᠠ ᠴᠤᠭᠴᠠ ᠶᠢᠨ ᠲᠤᠳᠤᠷᠭᠠᠨ ᠲᠠᠷᠢᠶᠠᠨ ᠤ ᠵᠢᠷᠤᠭ ᠨᠢ ᠲᠠᠷᠢᠶᠠᠨ ᠭᠠᠵᠠᠷ ᠢ ᠤᠷᠠᠯᠢᠭ ᠤᠨ ᠰᠢᠳᠢ ᠲᠠᠢ ᠪᠤᠯᠭᠠᠯ᠎ᠠ᠃ 2024 ᠤᠨ ᠳᠤ ᠂ ᠦᠪᠤᠷ ᠮᠤᠩᠭᠤᠯ ᠤᠨ ᠦᠪᠠᠷᠳᠡᠭᠡᠨ ᠵᠠᠰᠠᠬᠤ ᠤᠷᠤᠨ ᠤ ︽ᠲᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠳᠠ ᠶᠢᠨ ᠨᠠᠶᠢᠷ︾ ︽ᠲᠤᠳᠤᠷᠭᠠᠨ ᠲᠠᠷᠢᠶᠠᠨ ᠳᠠᠬᠢ ᠨᠡᠶᠢᠳᠠ ᠶᠢᠨ ᠬᠤᠷᠢᠮ︾ ᠵᠡᠷᠭᠡ ᠲᠤᠮᠤ ᠬᠡᠯᠪᠡᠷᠢ ᠶᠢᠨ ᠠᠵᠢᠯᠯᠠᠭ᠎ᠠ ᠲᠤᠰ ᠲᠤᠰᠬᠤᠨ ᠳᠤ ᠶᠠᠪᠤᠭᠳᠠᠭᠰᠠᠠ ᠨᠢ ᠠᠵᠤ ᠦᠢᠯᠡᠰ ᠤᠨ ᠠᠭᠤᠰᠤᠯᠴᠠᠯ ᠤᠨ ᠬᠦᠳᠡᠯᠭᠡᠭᠴᠢ ᠬᠦᠴᠤᠨ ᠢ ᠬᠦᠢᠴᠡᠳ ᠢᠯᠡᠷᠡᠬᠦᠯᠪᠡ᠃     2021 ᠤᠨ ᠠᠴᠠ 2024 ᠤᠨ ᠤ ᠰᠡᠬᠦᠯᠴᠢ ᠪᠤᠯᠳᠠᠯ᠎ᠠ᠂ ᠬᠦ᠋ ᠮᠢᠶᠤᠤ ᠲᠤᠰᠬᠤᠨ ᠨᠡᠶᠢᠳᠠ 250 ᠭᠠᠷᠤᠢ ᠲᠦᠮᠡᠨ ᠬᠦᠮᠤᠨ ︵ᠤᠳᠠᠭ᠎ᠠ︶ ᠢ ᠬᠦᠯᠢᠶᠡᠨ ᠠᠪᠴᠤ᠂ ᠵᠢᠭᠤᠯᠴᠢᠯᠠᠯ ᠤᠨ ᠤᠷᠤᠯᠭ᠎ᠠ 5000 ᠲᠦᠮᠡᠨ ᠲᠦᠬᠦᠷᠢᠭ ᠢ ᠲᠠᠪᠠᠵᠤ᠂ 300 ᠭᠠᠷᠤᠢ ᠲᠤᠰᠬᠤᠨ ᠤ ᠠᠷᠠᠳ ᠰᠢᠭᠤᠳ ᠪᠤᠶᠤ ᠲᠠᠮ ᠢᠶᠠᠷ ᠵᠢᠭᠤᠯᠴᠢᠯᠠᠯ ᠤᠨ ᠠᠵᠤ ᠦᠢᠯᠡᠰ ᠲᠤ ᠤᠷᠤᠯᠴᠠᠵᠤ᠂ ᠬᠦᠮᠤᠨ ᠲᠤᠮᠳᠠᠴᠢ ᠪᠠᠷ ᠵᠢᠯ ᠳᠤ 2000 ᠲᠦᠬᠦᠷᠢᠭ ᠤᠨ ᠤᠷᠤᠯᠭ᠎ᠠ ᠨᠡᠮᠡᠭᠳᠡᠯ᠎ᠠ᠃     ᠬᠦ᠋ ᠮᠢᠶᠤᠤ ᠲᠤᠰᠬᠤᠨ ᠲᠦᠬᠦᠭᠡᠷᠤᠮᠵᠢᠳᠤ ᠲᠠᠷᠢᠶᠠᠯᠠᠩ ᠢ ᠬᠦᠭᠵᠢᠬᠦᠯᠵᠤ 45 ᠮᠤ᠋ ᠲᠦᠬᠦᠭᠡᠷᠤᠮᠵᠢᠳᠤ ᠲᠠᠷᠢᠶᠠᠯᠠᠩ ᠤᠨ ᠲᠤᠮᠤ ᠢᠩᠳᠤᠤᠷ ᠪᠠ 45 ᠬᠡᠷᠬᠡᠨᠡᠭ ᠮᠦᠬᠦ ᠶᠢᠨ ᠬᠦᠯᠡᠮᠵᠢ ᠶᠢᠨ ᠠᠵᠤ ᠦᠢᠯᠡᠰ ᠤᠨ ᠬᠦᠭᠵᠢᠯᠳᠠ ᠨᠢ ᠲᠤᠰᠬᠤᠨ ᠤ ᠬᠠᠮᠳᠤ ᠨᠡᠶᠢᠳᠠ ᠶᠢᠨ ᠠᠵᠤ ᠠᠬᠤᠢ ᠶᠢᠨ ᠤᠷᠤᠯᠭ᠎ᠠ ᠶᠢ ᠵᠢᠯ ᠪᠦᠷᠢ 50 ᠲᠦᠮᠡᠨ ᠲᠦᠬᠦᠷᠢᠭ ᠨᠡᠮᠡᠭᠳᠡᠬᠦᠯᠵᠤ᠂ 400 ᠭᠠᠷᠤᠢ ᠲᠤᠰᠬᠤᠨ ᠤ ᠠᠷᠠᠳ ᠤᠨ ᠬᠦᠯᠤᠰᠤᠨ ᠠᠵᠢᠯ ᠬᠢᠬᠦ ᠶᠢ ᠲᠠᠶᠢᠴᠢᠯᠠᠪᠠ᠃ ᠡᠬᠦᠨ ᠳᠤ᠂ ᠨᠡᠷᠡᠳᠤ ᠲᠡᠮᠳᠡᠭᠳᠤ ᠬᠡᠷᠬᠡᠨᠡᠭ ᠮᠦᠬᠦ ᠶᠢᠨ ᠮᠤ᠋ ᠨᠢᠭᠡᠴᠢ ᠶᠢᠨ ᠤᠨᠠᠯᠳᠠ ᠨᠢ 1000 ᠵᠢᠩ ᠳᠤ ᠬᠦᠷᠴᠤ᠂ ᠶᠦᠨᠨᠠᠨ ᠬᠦᠢᠵᠸᠥ ᠮᠤᠵᠢ ᠶᠢᠨ ᠲᠡᠭᠰᠢᠳᠭᠡᠭᠰᠡᠨ ᠬᠢᠷᠢ ᠲᠦᠪᠰᠢᠨ ᠢ ᠲᠠᠪᠠᠨ᠂ ᠵᠡᠬᠦᠨ ᠬᠤᠶᠢᠳᠤ ᠶᠢᠨ ᠤᠯᠠᠷᠢᠯ ᠤᠨ ᠪᠤᠰᠤ ᠬᠡᠷᠬᠡᠨᠡᠭ ᠮᠦᠬᠦ ᠶᠢ ᠠᠮᠵᠢᠯᠳᠠᠳᠠᠢ ᠲᠠᠷᠢᠵᠤ ᠤᠷᠭᠤᠭᠤᠯᠤᠭᠰᠠᠨ ᠵᠢᠱᠢᠶ᠎ᠠ ᠶᠢᠨ ᠨᠢᠭᠡ ᠪᠤᠯᠪᠠ᠃ ︽ᠪᠢᠳᠠ ᠦᠪᠠᠷ ᠤᠨ ᠬᠦᠯᠡᠮᠵᠢ ᠪᠠᠨ ᠭᠠᠳᠠᠭᠰᠢ ᠲᠦᠷᠢᠶᠡᠰᠤᠯᠠᠭᠦᠯᠵᠤ᠂ ᠲᠤᠰᠬᠤᠨ ᠤ ᠲᠦᠬᠦᠭᠡᠷᠤᠮᠵᠢᠳᠤ ᠲᠠᠷᠢᠶᠠᠯᠠᠩ ᠤᠨ ᠬᠦᠯᠡᠮᠵᠢ ᠳᠤ ᠭᠦᠯᠦᠰᠦᠨ ᠠᠵᠢᠯ ᠬᠢᠵᠤ᠂ ᠲᠦᠷᠢᠶᠡᠰᠤᠨ ᠮᠦᠩᠬᠦ ᠤᠯᠬᠤ ᠪᠠᠷ ᠪᠠᠷᠠᠬᠤ ᠦᠭᠡᠢ ᠠᠰᠢᠭ ᠤᠷᠤᠯᠭ᠎ᠠ ᠬᠤᠪᠢᠶᠠᠷᠢᠯᠡᠨ ᠤᠯᠵᠤ᠂ ᠤᠷᠤᠯᠭ᠎ᠠ ᠡᠳᠤᠷ ᠠᠴᠠ ᠡᠳᠤᠷ ᠨᠡᠮᠡᠭᠳᠡᠨ ᠠᠮᠢᠳᠤᠷᠠᠯ ᠡᠳᠤᠷ ᠠᠴᠠ ᠡᠳᠤᠷ ᠰᠠᠶᠢᠵᠢᠷᠠᠵᠤ ᠪᠠᠶᠢᠨ᠎ᠠ︾ ᠭᠡᠵᠤ ᠬᠦ᠋ ᠮᠢᠶᠤᠤ ᠲᠤᠰᠬᠤᠨ ᠤ ᠠᠷᠠᠳ ᠵᠠᠩ ᠴᠦᠨ ᠮᠸᠢ ᠪᠠᠶᠠᠷᠳᠠᠢ ᠶᠠᠷᠢᠨ᠎ᠠ᠃     ᠬᠦ᠋ ᠮᠢᠶᠤᠤ ᠲᠤᠰᠬᠤᠨ ᠤ ᠵᠠᠮ ᠵᠡᠭᠡᠯᠢ ᠪᠠᠷ ᠲᠤᠭᠤᠷᠢᠵᠤ ᠶᠠᠪᠤᠬᠤ ᠳᠤ ᠴᠡᠪᠡᠷ ᠲᠡᠭᠰᠢᠬᠡᠨ ᠲᠤᠰᠬᠤᠨ ᠤ ᠲᠦᠷᠢ ᠲᠦᠷᠬᠦ ᠨᠢ ᠬᠦᠮᠤᠰ ᠤᠨ ᠰᠡᠳᠬᠢᠯ ᠢ ᠪᠠᠶᠠᠰᠬᠠᠨ᠎ᠠ᠃ ᠲᠤᠰᠬᠤᠨ ᠤ ᠲᠦᠷᠢ ᠲᠦᠷᠬᠦ ᠶᠢ ᠲᠡᠭᠡᠭᠰᠢᠯᠡᠬᠦᠯᠬᠦ ᠪᠠᠷ᠂ ᠬᠦ᠋ ᠮᠢᠶᠤᠤ ᠲᠤᠰᠬᠤᠨ ᠬᠦᠮᠤᠨ ᠠᠷᠠᠳ ᠤᠨ ᠤᠷᠤᠰᠢᠨ ᠰᠠᠭᠤᠷᠢᠰᠢᠬᠤ ᠤᠷᠴᠢᠨ ᠨᠦᠬᠦᠴᠡᠯ ᠢ ᠰᠢᠯᠢᠳᠡᠭᠵᠢᠬᠦᠯᠬᠦ ᠶᠢ ᠰᠢᠨ᠎ᠠ ᠬᠦᠳᠡᠭᠡ ᠲᠤᠰᠬᠤᠨ ᠢ ᠪᠦᠳᠤᠭᠡᠨ ᠪᠠᠶᠢᠭᠤᠯᠬᠤ ᠭᠤᠤᠯᠳᠠᠯᠭ᠎ᠠ ᠪᠤᠯᠭᠠᠪᠠ᠃ ︽ᠡᠷᠤᠬᠡ ᠠᠴᠠ ᠲᠦᠷᠤᠯ ᠬᠤᠪᠢᠶᠠᠨ᠂ ᠲᠤᠰᠬᠤᠨ ᠠᠴᠠ ᠬᠤᠷᠢᠶᠠᠨ᠂ ᠪᠠᠯᠭᠠᠰᠤᠨ ᠠᠴᠠ ᠰᠢᠯᠵᠢᠬᠦᠯᠵᠤ᠂ ᠬᠤᠰᠢᠭᠤᠨ ᠠᠴᠠ ᠰᠶᠢᠳᠪᠤᠷᠢᠯᠡᠬᠦ︾ ᠬᠡᠯᠪᠡᠷᠢ ᠪᠠᠷ ᠤᠷᠴᠢᠨ ᠲᠤᠭᠤᠷᠢᠨ ᠢ ᠴᠡᠭᠴᠡᠯᠡᠨ ᠵᠠᠰᠠᠬᠤ ᠠᠵᠢᠯ ᠢ ᠬᠦᠨᠵᠡᠭᠡᠢ ᠶᠠᠪᠤᠭᠳᠠᠭᠤᠯᠪᠠ᠃ 2024 ᠤᠨ ᠤ ᠰᠡᠬᠦᠯᠴᠢ ᠪᠤᠯᠳᠠᠯ᠎ᠠ᠂ 150 ᠭᠠᠷᠤᠢ ᠲᠤᠨ ᠠᠮᠢᠳᠤᠷᠠᠯ ᠵᠢᠴᠢ ᠪᠠᠷᠢᠯᠭ᠎ᠠ ᠶᠢᠨ ᠬᠤᠭ ᠨᠤᠪᠰᠢ ᠶᠢ ᠴᠡᠪᠡᠷᠯᠡᠵᠤ᠂ ᠤᠷᠤᠨ ᠲᠤᠭᠤᠷᠢᠭ ᠲᠠᠬᠢ ᠲᠤᠷ᠎ᠠ ᠪᠠᠷ ᠪᠠᠶᠢᠭᠤᠯᠤᠭᠰᠠᠨ 16 ᠪᠠᠷᠢᠯᠭ᠎ᠠ ᠶᠢ ᠨᠤᠷᠠᠭᠠᠪᠠ᠃ ᠤᠯᠠᠨ ᠲᠦᠮᠡᠨ ᠤ ᠤᠷᠤᠯᠴᠠᠬᠤ ᠢᠳᠡᠪᠬᠢᠵᠢᠯ ᠢ ᠲᠠᠶᠢᠴᠢᠯᠠᠬᠤ ᠪᠠᠷ᠂ 80 ᠭᠠᠷᠤᠢ ᠤᠳᠠᠭ᠎ᠠ ᠡᠷᠤᠬᠡ ᠪᠠᠷ ᠬᠦᠨᠵᠡᠭᠡᠶᠢᠷᠡᠨ ᠤᠬᠠᠭᠤᠯᠭ᠎ᠠ ᠬᠢᠵᠤ᠂ 7000 ᠭᠠᠷᠤᠢ ᠬᠦᠮᠤᠨ ᠢ ᠳᠠᠶᠢᠴᠢᠯᠠᠨ ᠤᠷᠤᠯᠴᠠᠭᠤᠯᠪᠠ᠃     ᠲᠤᠰ ᠲᠤᠰᠬᠤᠨ ᠨᠢ ︽ᠬᠤᠪᠢ ᠬᠤᠷᠠᠮᠳᠤᠭᠤᠯᠬᠤ ᠲᠦᠷᠢᠮ + ᠲᠤᠰᠬᠤᠨ ᠤ ᠲᠦᠷᠢᠮ ᠠᠷᠠᠳ ᠤᠨ ᠭᠡᠷ᠎ᠠ︾ ᠶᠢᠨ ᠬᠠᠮᠢᠶᠠᠷᠤᠯᠳᠠ ᠶᠢᠨ ᠬᠡᠯᠪᠡᠷᠢ ᠶᠢ ᠰᠢᠨ᠎ᠠ ᠪᠠᠷ ᠠᠬᠢᠭᠤᠯᠵᠤ᠂ ︽ᠬᠤᠪᠢ ᠬᠤᠷᠠᠮᠳᠤᠭᠤᠯᠬᠤ ᠲᠡᠯᠭᠡᠬᠦᠷ︾ ᠢᠶᠠᠷ ᠪᠤᠯᠪᠠᠰᠤᠨ ᠦᠢᠯᠠ ᠠᠵᠢᠯᠯᠠᠭ᠎ᠠ ᠶᠢ ᠲᠦᠷᠢᠮᠵᠢᠬᠦᠯᠤᠨ᠂ ᠡᠳ᠋ ᠪᠤᠳᠠᠰ ᠰᠤᠯᠢᠵᠤ ᠪᠤᠯᠤᠨ᠎ᠠ᠃ ᠰᠢᠨ᠎ᠠ ᠴᠠᠭ ᠦᠶ᠎ᠠ ᠶᠢᠨ ᠪᠤᠯᠪᠠᠰᠤᠨ ᠦᠢᠯᠡᠳᠤᠯᠭᠡ ᠶᠢᠨ ᠦᠷᠳᠡᠭᠡᠨ ᠳᠤ ᠲᠦᠰᠢᠭᠯᠡᠨ 500 ᠭᠠᠷᠤᠢ ᠲᠠᠯᠠᠪᠠᠢ ᠤᠨᠤᠯ ᠤᠨ ᠤᠬᠠᠭᠤᠯᠭ᠎ᠠ᠂ ᠲᠠᠷᠢᠶᠠᠴᠢᠨ ᠢ ᠬᠠᠪᠰᠤᠷᠤᠨ ᠠᠰᠢᠭ ᠬᠦᠷᠳᠡᠭᠡᠬᠦ᠂ ᠤᠷᠠᠨ ᠰᠠᠶᠢᠬᠠᠨ ᠤ ᠲᠤᠭᠯᠠᠯᠳᠠ ᠵᠡᠷᠭᠡ ᠠᠵᠢᠯᠯᠠᠭ᠎ᠠ ᠪᠠᠷ ᠲᠤᠰᠬᠤᠨ ᠤ ᠠᠷᠠᠳ ᠲᠤ ᠠᠰᠢᠭ ᠬᠦᠷᠳᠡᠭᠡᠯ᠎ᠠ᠃ ︽ᠬᠠᠮᠤᠭ ᠭᠤᠶᠤ ᠰᠢᠷᠢᠰ︾ ᠰᠢᠯᠭᠠᠷᠠᠭᠤᠯᠤᠯᠳᠠ ᠪᠠᠷ 200 ᠭᠠᠷᠤᠢ ᠤᠶᠢᠷ᠎ᠠ ᠬᠠᠪᠢ ᠶᠢᠨ ᠦᠯᠢᠭᠡᠷ ᠲᠠᠭᠤᠷᠢᠶᠠᠯ ᠢ ᠰᠢᠯᠭᠠᠷᠠᠭᠤᠯᠵᠤ᠂ ᠠᠮᠢᠳᠤᠯᠢᠭ ᠵᠢᠱᠢᠶᠡᠴᠢ ᠪᠠᠷ ᠪᠤᠯᠪᠠᠰᠤᠨ ᠲᠤᠰᠬᠤᠨ ᠤ ᠰᠤᠷᠳᠠᠯ ᠢ ᠲᠠᠶᠢᠴᠢᠯᠠᠪᠠ᠃ ᠵᠠᠭᠤᠨ ᠲᠠᠯᠠᠪᠠᠢ ︽ᠲᠤᠰᠬᠤᠨ ᠤ TV︾ ︽ᠬᠦᠳᠡᠭᠡ ᠲᠤᠰᠬᠤᠨ ᠳᠤ ᠬᠦᠰᠡᠯ ᠵᠡᠬᠦᠳᠤ ᠪᠠᠨ ᠲᠡᠷᠭᠡᠯᠰᠢᠬᠦᠯᠤᠶ᠎ᠠ︾ ᠵᠡᠷᠭᠡ ᠤᠨᠴᠠᠯᠢᠭᠳᠤ ᠠᠵᠢᠯᠯᠠᠭ᠎ᠠ ᠪᠠᠷ ᠤᠮᠠᠷᠠᠳᠤ ᠶᠢᠨ ᠰᠤᠶᠤᠯ ᠢ ᠤᠯᠠᠮᠵᠢᠯᠠᠨ ᠪᠠᠳᠠᠷᠠᠭᠤᠯᠪᠠ᠃     ᠬᠦ᠋ ᠮᠢᠶᠤᠤ ᠲᠤᠰᠬᠤᠨ ᠤ ᠬᠦᠭᠵᠢᠯᠳᠠ ᠬᠤᠪᠢᠷᠠᠯᠳᠠ ᠪᠤᠯ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠤᠮᠠᠷᠠᠳᠤ ᠬᠢᠯᠢ ᠳᠤ ᠦᠨᠳᠤᠰᠤᠯᠡᠭᠰᠡᠨ ᠪᠤᠳᠠᠳᠤ ᠦᠢᠯᠡᠳᠤᠯᠭᠡ ᠪᠤᠯᠤᠨ᠎ᠠ᠃ ᠲᠤᠰ ᠲᠤᠰᠬᠤᠨ ᠨᠢ ︽ᠪᠦᠬᠦ ᠤᠯᠤᠰ ᠤᠨ ᠪᠤᠯᠪᠠᠰᠤᠨ ᠲᠤᠰᠬᠤᠨ ᠪᠠᠯᠭᠠᠰᠤᠨ︾ ᠤ ᠢᠷᠠᠭᠤ ᠠᠯᠳᠠᠷ ᠢᠶᠠᠷ ᠰᠢᠨ᠎ᠠ ᠠᠬᠢᠴᠠ ᠪᠤᠯᠭᠠᠨ᠂ ᠲᠠᠷᠢᠶᠠᠯᠠᠩ ᠬᠦᠴᠤᠷᠬᠡᠭᠵᠢᠭᠰᠡᠨ᠂ ᠬᠦᠳᠡᠭᠡ ᠲᠤᠰᠬᠤᠨ ᠭᠤᠶᠤᠵᠢᠭᠰᠠᠨ᠂ ᠲᠠᠷᠢᠶᠠᠴᠢᠳ ᠪᠠᠶᠠᠵᠢᠭᠰᠠᠨ ᠭᠤᠶᠢᠳᠠ ᠰᠠᠶᠢᠬᠠᠨ ᠢᠷᠡᠭᠡᠳᠤᠢ ᠶᠢ ᠠᠭᠠᠵᠢᠮ ᠢᠶᠠᠷ ᠪᠤᠳᠠᠳᠠᠶᠢᠵᠢᠭᠤᠯᠤᠨ᠎ᠠ᠃                           ᠴᠤᠯᠮᠤᠨ   ᠰᠢᠨ ᠶᠤᠸᠠᠨ ᠮᠡᠳᠡᠭᠡᠯᠡᠪᠡ
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号