ᠵᠠᠯᠠᠶᠢᠳ ᠬᠤᠰᠢᠭᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠡᠨ ᠤ ᠬᠤᠷᠢᠨ ᠬᠤᠶᠠᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/7/2
     6 ᠰᠠᠷ᠎ᠠ ᠶᠢᠨ 30 ᠤ ᠡᠳᠤᠷ᠂  ᠵᠠᠯᠠᠶᠢᠳ ᠬᠤᠰᠢᠭᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠡᠨ ᠤ ᠬᠤᠷᠢᠨ ᠬᠤᠶᠠᠳᠤᠭᠠᠷ ᠤᠳᠠᠭᠠᠨ ᠤ ᠬᠤᠷᠠᠯ ᠬᠤᠷᠠᠯᠳᠤᠭᠤᠯᠵᠤ᠂ ᠬᠤᠷᠠᠯ ᠠᠴᠠ ︽  ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠪᠠᠷ ᠦᠨᠳᠤᠰᠤᠨ ᠱᠠᠳᠤᠨ ᠤ ᠲᠠᠷᠤᠭᠠᠰᠤ ᠶᠢ ᠬᠦᠩᠭᠡᠷᠡᠬᠦᠯᠬᠦ ᠲᠤᠭᠳᠠᠭᠠᠯ ᠤᠳ︾ ᠢ ᠰᠤᠷᠤᠯᠴᠠᠨ ᠲᠠᠶᠢᠯᠪᠤᠷᠢᠯᠠᠵᠤ᠂ ᠬᠠᠮᠢᠶ᠎ᠠ ᠪᠦᠬᠦᠢ ᠮᠡᠳᠡᠬᠦᠯᠦᠯᠳᠡ ᠶᠢ ᠰᠤᠨᠤᠰᠴᠤ ᠬᠢᠨᠠᠨ ᠵᠦᠪᠯᠡᠵᠤ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ  ᠤᠨ ᠪᠠᠶᠢᠩᠭᠤ ᠶᠢᠨ ᠬᠤᠷᠢᠶᠡᠨ ᠤ ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ᠂ ᠡᠷᠬᠢᠯᠡᠭᠴᠢ ᠬᠠᠰᠪᠦ᠋ᠬᠡ ᠬᠤᠷᠠᠯ ᠢ ᠡᠷᠬᠢᠯᠡᠪᠡ᠃       ᠬᠤᠷᠠᠯ ᠠᠴᠠ᠂  ᠦᠵᠡᠯ ᠰᠠᠨᠠᠭ᠎ᠠ ᠲᠠᠨᠢᠯᠳᠠ ᠪᠠᠨ ᠤᠯᠠᠮ ᠨᠢᠭᠡ ᠠᠯᠬᠤᠮ ᠭᠦᠨᠵᠡᠬᠡᠶᠢᠷᠡᠬᠦᠯᠵᠤ᠂ ︽ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠪᠠᠷ ᠦᠨᠳᠤᠰᠤᠨ ᠱᠠᠳᠤᠨ ᠤ ᠲᠠᠷᠤᠭᠠᠰᠤ ᠶᠢ ᠬᠦᠩᠭᠡᠷᠡᠬᠦᠯᠬᠦ ᠲᠤᠭᠳᠠᠭᠠᠯ  ᠤᠳ︾ ᠢ ᠰᠤᠷᠤᠯᠴᠠᠨ ᠲᠤᠭᠤᠰᠢᠯᠠᠭᠤᠯᠬᠤ ᠪᠠᠷ ᠠᠵᠠ ᠲᠤᠬᠢᠶᠠᠯ ᠪᠤᠯᠭᠠᠵᠤ᠂ ᠬᠡᠯᠪᠡᠷᠢᠴᠢ ᠦᠵᠡᠯ᠂ ᠨᠤᠶᠠᠨᠴᠢ ᠰᠤᠷᠳᠠᠯ ᠢ ᠴᠢᠩᠭ᠎ᠠ ᠴᠡᠭᠡᠷᠯᠡᠵᠤ᠂ ᠲᠤᠭᠳᠠᠭᠠᠯ ᠤᠨ ᠱᠠᠭᠠᠷᠳᠠᠯᠭ᠎ᠠ ᠶᠢ ᠡᠳᠤᠷ ᠲᠤᠳᠤᠮ ᠤᠨ ᠬᠢᠨᠠᠯᠳᠠ ᠲᠠᠯᠪᠢᠬᠤ᠂ ᠠᠵᠢᠯ ᠢ ᠠᠬᠢᠭᠤᠯᠬᠤ ᠡᠯ᠎ᠠ ᠭᠤᠭᠴᠤᠭ᠎ᠠ ᠳᠤ ᠠᠭᠤᠰᠬᠠᠵᠤ᠂ ᠦᠨᠳᠤᠰᠤᠨ ᠱᠠᠳᠤᠨ ᠤ ᠠᠵᠢᠯ ᠤᠨ ᠠᠮᠢ ᠠᠬᠤᠢ ᠶᠢ ᠦᠷᠬᠦᠯᠵᠢᠯᠡᠨ ᠰᠢᠯᠢᠳᠡᠭᠵᠢᠬᠦᠯᠵᠤ᠂ ᠦᠨᠳᠤᠰᠤᠨ ᠱᠠᠳᠤᠨ ᠤ ᠦᠨᠳᠤᠷ ᠪᠦᠳᠤᠮᠵᠢᠳᠠᠢ ᠪᠠᠷ ᠡᠭᠦᠷᠭᠡ ᠲᠤᠰᠢᠶᠠᠯ ᠢᠶᠠᠨ ᠭᠦᠢᠴᠡᠳᠭᠡᠬᠦ ᠳᠤ ︽ᠬᠦᠯᠢᠶᠡᠰᠤ ᠶᠢ ᠨᠢ ᠰᠤᠯᠠᠯᠠᠵᠤ ᠴᠢᠳᠠᠪᠤᠷᠢ ᠶᠢ ᠨᠢ ᠤᠯᠭᠤᠬᠤ︾ ᠬᠡᠷᠡᠭᠳᠡᠢ ᠭᠡᠵᠤ ᠴᠢᠬᠤᠯᠠᠴᠢᠯᠠᠵᠠᠢ᠃        ᠬᠤᠷᠠᠯ ᠠᠴᠠ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ᠂ ᠬᠠᠷᠠᠯᠳᠠ ᠪᠠᠷ ᠤᠳᠤᠷᠢᠳᠤᠮᠵᠢ ᠪᠤᠯᠭᠠᠬᠤ ᠶᠢ ᠢᠮᠠᠭᠳᠠ ᠪᠠᠷᠢᠮᠳᠠᠯᠠᠵᠤ᠂ ᠡᠭᠦᠷᠭᠡ ᠲᠤᠰᠢᠶᠠᠯ ᠢᠶᠠᠨ ᠭᠦᠢᠴᠡᠳᠭᠡᠬᠦ ᠵᠤᠶᠢᠯᠡᠰ ᠤᠨ ᠨᠠᠷᠢᠨ ᠲᠠᠩᠰᠠ ᠶᠢ ᠰᠢᠨᠵᠢᠯᠡᠬᠦ ᠤᠬᠠᠭᠠᠨᠴᠢ ᠪᠠᠷ ᠤᠨᠤᠪᠴᠢᠳᠠᠢ ᠪᠠᠶᠢᠯᠭᠠᠬᠤ᠂ ᠪᠤᠳᠠᠳᠠᠢ ᠶᠢ ᠡᠷᠬᠢᠮᠯᠡᠨ ᠬᠡᠷᠡᠭᠴᠡᠭᠡ ᠲᠠᠢ ᠪᠠᠶᠢᠬᠤ ᠶᠢ ᠠᠬᠢᠭᠤᠯᠵᠤ᠂ ᠦᠨᠳᠤᠰᠤᠨ ᠱᠠᠳᠤᠨ ᠤ ᠵᠠᠰᠠᠯᠳᠠ ᠶᠢᠨ ᠶᠠᠰᠤ ᠴᠢᠨᠠᠷ ᠢ ᠲᠡᠭᠡᠭᠰᠢᠯᠡᠬᠦᠯᠤᠨ ᠦᠷ᠎ᠠ ᠠᠰᠢᠭ ᠢ ᠨᠡᠮᠡᠭᠳᠡᠬᠦᠯᠬᠦ ᠶᠢ ᠠᠬᠢᠭᠤᠯᠬᠤ ᠬᠡᠷᠡᠭᠳᠡᠢ᠃ ᠠᠶᠤᠯ ᠲᠦᠭᠰᠢᠬᠦᠷᠢ ᠶᠢᠨ ᠤᠬᠠᠮᠰᠠᠷ ᠢ ᠪᠠᠳᠤ ᠪᠠᠬᠢ ᠪᠤᠢ ᠪᠤᠯᠭᠠᠵᠤ᠂ ᠪᠦᠬᠦ ᠶᠠᠪᠤᠴᠠ ᠶᠢᠨ ᠬᠢᠨᠠᠨ ᠬᠠᠮᠢᠶᠠᠷᠤᠯᠳᠠ ᠶᠢ ᠴᠢᠩᠭᠠᠳᠬᠠᠵᠤ᠂ ᠦᠷᠢ ᠦᠭᠴᠡᠭᠡ ᠶᠢᠨ ᠬᠡᠪᠴᠢᠶ᠎ᠠ ᠵᠦᠢ ᠵᠤᠬᠢᠰᠳᠠᠢ᠂ ᠤᠷᠤᠭᠤᠯᠤᠯᠳᠠ  ᠶᠢᠨ ᠬᠠᠨᠳᠤᠰᠢ ᠨᠠᠷᠢᠨ ᠤᠨᠤᠪᠴᠢᠳᠠᠢ᠂ ᠬᠡᠷᠡᠭᠯᠡᠯᠳᠡ ᠨᠢ ᠦᠨᠳᠤᠷ ᠪᠦᠳᠤᠮᠵᠢᠳᠠᠢ ᠪᠠᠶᠢᠬᠤ ᠶᠢ ᠪᠠᠳᠤᠯᠠᠵᠤ᠂ ᠠᠶᠤᠯ ᠲᠦᠭᠰᠢᠬᠦᠷᠢ ᠶᠢ ᠰᠡᠷᠭᠡᠶᠢᠯᠡᠨ ᠡᠵᠡᠮᠳᠡᠬᠦ ᠠᠵᠢᠯ ᠢ ᠪᠤᠳᠠᠳᠠᠢ ᠠᠳᠬᠤᠵᠤ᠂ ᠲᠦᠷᠢᠮᠵᠢᠭᠰᠡᠨ ᠬᠠᠮᠢᠶᠠᠷᠤᠯᠳᠠ ᠪᠠᠷ ᠪᠦᠬᠦ ᠬᠤᠰᠢᠭᠤᠨ ᠤ ᠠᠵᠤ ᠠᠬᠤᠢ ᠶᠢᠨ ᠲᠤᠭᠳᠠᠭᠤᠨ ᠡᠷᠡᠬᠦᠯ ᠢᠶᠠᠷ ᠬᠦᠭᠵᠢᠬᠦ ᠶᠢ ᠠᠬᠢᠭᠤᠯᠬᠤ ᠬᠡᠷᠡᠭᠳᠡᠢ ᠭᠡᠵᠤ ᠴᠢᠬᠤᠯᠠᠴᠢᠯᠠᠵᠠᠢ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号