| 7 ᠰᠠᠷ᠎ᠠ ᠶᠢᠨ 1 ᠤ ᠡᠳᠤᠷ᠂ ᠵᠠᠯᠠᠶᠢᠳ ᠬᠤᠰᠢᠭᠤᠨ ᠤ ᠨᠠᠮ ᠤᠨ ᠬᠤᠷᠢᠶᠡᠨ ᠤ ᠱᠦᠵᠢ ᠴᠢ ᠯᠢᠨ ︽ᠲᠦᠪ | ᠤᠨ ᠨᠠᠢᠮᠠᠨ ᠲᠤᠭᠳᠠᠭᠠᠯ ᠤᠨ ᠵᠤᠷᠢᠭ ᠰᠠᠨᠠᠭ᠎ᠠ ᠶᠢ ᠭᠦᠨᠵᠡᠬᠡᠢ ᠰᠤᠷᠤᠯᠴᠠᠨ ᠲᠤᠭᠤᠰᠢᠯᠠᠭᠤᠯᠵᠤ᠂ ᠰᠢᠯᠢᠳᠡᠭ ᠰᠠᠶᠢᠨ | ᠰᠤᠷᠳᠠᠯ ᠢᠶᠠᠷ ᠠᠵᠤ ᠠᠬᠤᠢ ᠨᠡᠶᠢᠭᠡᠮ ᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ︾ ᠰᠡᠳᠤᠪ ᠢᠶᠠᠷ᠂ ᠲᠦᠪ | ᠤᠨ ᠨᠠᠢᠮᠠᠨ ᠲᠤᠭᠳᠠᠭᠠᠯ ᠤᠨ ᠵᠤᠷᠢᠭ ᠰᠠᠨᠠᠭ᠎ᠠ ᠶᠢ ᠭᠦᠨᠵᠡᠬᠡᠢ ᠲᠤᠭᠤᠰᠢᠯᠠᠭᠤᠯᠬᠤ ᠰᠤᠷᠤᠯᠴᠠᠯᠭ᠎ᠠ ᠬᠦᠮᠤᠵᠢᠯ ᠤᠨ | ᠲᠤᠰᠬᠠᠢ ᠰᠡᠳᠤᠪᠳᠤ ᠨᠠᠮ ᠤᠨ ᠬᠢᠴᠢᠶᠠᠯ ᠤᠷᠤᠵᠤ᠂ ᠪᠦᠬᠦ ᠬᠤᠰᠢᠭᠤᠨ ᠤ ᠡᠯ᠎ᠡ ᠱᠠᠳᠤᠨ ᠤ ᠺᠠᠳ᠋ᠷᠴᠤᠳ ᠲᠠᠢ | ᠬᠠᠮᠳᠤ ᠪᠠᠷ ᠵᠠᠭᠤᠨ ᠵᠢᠯ ᠤᠨ ᠲᠤᠷᠰᠢᠬᠢ ᠮᠠᠨ ᠤ ᠨᠠᠮ ᠤᠨ ᠰᠤᠷᠳᠠᠯ ᠤᠨ ᠪᠠᠶᠢᠭᠤᠯᠤᠯᠳᠠ ᠶᠢᠨ ᠢᠷᠠᠭᠤ ᠠᠯᠳᠠᠷᠳᠤ | ᠲᠡᠤᠭᠡ ᠶᠢ ᠲᠠᠬᠢᠨ ᠡᠷᠬᠢᠴᠡᠬᠦᠯᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠲᠦᠪ ᠤᠨ ᠨᠠᠢᠮᠠᠨ | ᠲᠤᠭᠳᠠᠭᠠᠯ ᠤᠨ ᠵᠤᠷᠢᠭ ᠰᠠᠨᠠᠭ᠎ᠠ ᠶᠢ ᠭᠦᠨᠵᠡᠬᠡᠢ ᠲᠤᠭᠤᠰᠢᠯᠠᠭᠤᠯᠤᠭᠰᠠᠨ ᠦᠷ᠎ᠡ ᠪᠦᠳᠤᠮᠵᠢ ᠪᠤᠯᠤᠨ ᠲᠤᠷᠰᠢᠯᠭ᠎ᠠ ᠶᠢ | ᠰᠤᠷᠤᠯᠴᠠᠨ ᠤᠶᠢᠯᠠᠭᠠᠵᠤ᠂ ᠨᠠᠮ ᠤᠨ ᠰᠤᠷᠳᠠᠯ ᠤᠨ ᠪᠠᠶᠢᠭᠤᠯᠤᠯᠳᠠ ᠶᠢ ᠴᠦᠬᠦᠷᠡᠰᠢ ᠦᠭᠡᠢ ᠴᠢᠩᠭᠠᠳᠬᠠᠨ᠂ ᠨᠠᠮ | ᠤᠨ ᠰᠤᠷᠳᠠᠯ ᠵᠠᠰᠠᠭ ᠤᠨ ᠰᠤᠷᠳᠠᠯ ᠨᠡᠶᠢᠭᠡᠮ ᠤᠨ ᠰᠤᠷᠳᠠᠯ ᠠᠷᠠᠳ ᠤᠨ ᠰᠤᠷᠳᠠᠯ ᠢ ᠴᠦᠬᠦᠷᠡᠰᠢ ᠦᠭᠡᠢ | ᠰᠢᠯᠢᠳᠡᠭᠵᠢᠬᠦᠯᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠳᠠᠢ ᠬᠦᠭᠵᠢᠯᠳᠡ ᠶᠢ | ᠠᠬᠢᠭᠤᠯᠬᠤ ᠳᠤ ᠪᠠᠳᠤ ᠴᠢᠩᠭ᠎ᠠ ᠪᠠᠳᠤᠯᠠᠭ᠎ᠠ ᠬᠠᠩᠭᠠᠪᠡ ᠭᠡᠵᠠᠢ᠃ | ᠴᠢ ᠯᠢᠨ ᠬᠡᠯᠡᠭᠰᠡᠨ ᠨᠢ᠂ ᠶᠡᠷᠤᠩᠬᠡᠢ ᠱᠦᠵᠢ ᠰᠢ ᠶᠢᠨ ᠫᠢᠩ᠂ ᠨᠠᠮ ᠤᠨ ᠰᠤᠷᠳᠠᠯ ᠤᠨ ᠪᠠᠶᠢᠭᠤᠯᠤᠯᠳᠠ ᠶᠢ | ᠴᠢᠩᠭᠠᠳᠬᠠᠬᠤ ᠶᠢᠨ ᠲᠤᠭᠤᠷᠢᠨ ᠳᠤ ᠠᠯᠢ ᠤᠯᠠᠨ ᠴᠢᠬᠤᠯᠠ ᠦᠬᠦᠯᠡᠯᠳᠠ ᠨᠡᠶᠢᠳᠡᠯᠡᠵᠤ᠂ ᠰᠤᠷᠳᠠᠯ ᠤᠨ | ᠪᠠᠶᠢᠭᠤᠯᠤᠯᠳᠠ ᠶᠢᠨ ᠵᠢᠮ᠎ᠠ ᠶᠤᠰᠤᠨ ᠤ ᠲᠤᠬᠠᠢ ᠨᠠᠮ ᠤᠨ ᠲᠠᠨᠢᠯᠳᠠ ᠶᠢ ᠰᠢᠨ᠎ᠠ ᠦᠨᠳᠤᠷᠴᠡ ᠳᠤ ᠬᠦᠷᠭᠡᠵᠠᠢ᠃ | ᠲᠦᠪ ᠤᠨ ᠨᠠᠢᠮᠠᠨ ᠲᠤᠭᠳᠠᠭᠠᠯ ᠵᠢᠴᠢ ᠲᠡᠭᠦᠨ ᠤ ᠬᠡᠷᠡᠭᠵᠢᠬᠦᠯᠬᠦ ᠨᠠᠷᠢᠨ ᠲᠦᠷᠢᠮ ᠤᠨ ᠵᠤᠷᠢᠭ ᠰᠠᠨᠠᠭ᠎ᠠ ᠶᠢ ᠭᠦᠨᠵᠡᠬᠡᠢ | ᠤᠶᠢᠯᠠᠭᠠᠵᠤ᠂ ᠲᠦᠷᠢᠮ ᠠᠴᠠ ᠵᠦᠷᠢᠴᠡᠨ ᠢᠳᠡᠵᠤ ᠤᠤᠭᠤᠬᠤ᠂ ︽ᠤᠳᠠᠭᠠᠨ ᠪᠦᠳᠤᠬᠦᠯᠢᠭ ᠬᠡᠶᠢᠰᠪᠤᠷᠢ︾ ᠵᠡᠷᠭᠡ | ᠠᠰᠠᠭᠤᠳᠠᠯ ᠢ ᠴᠢᠩᠭ᠎ᠠ ᠴᠡᠭᠴᠡᠯᠡᠨ ᠵᠠᠰᠠᠵᠤ᠂ ︽ᠡᠷᠬᠢᠨ ᠬᠠᠷᠠᠬᠤ︾ ᠪᠠ ᠦᠨᠡᠯᠡᠨ ᠵᠢᠱᠢᠬᠦ ᠠᠵᠢᠯ ᠢ ᠪᠦᠬᠦ ᠲᠠᠯ᠎ᠠ | ᠪᠠᠷ ᠦᠷᠨᠢᠬᠦᠯᠵᠤ᠂ ᠠᠰᠠᠭᠤᠳᠠᠯ ᠢ ᠪᠠᠶᠢᠴᠠᠭᠠᠨ ᠲᠡᠯᠭᠡᠬᠦ ᠪᠠ ᠴᠡᠭᠴᠡᠯᠡᠨ ᠰᠠᠶᠢᠵᠢᠷᠠᠭᠤᠯᠵᠤ ᠴᠡᠭᠴᠯᠡᠨ ᠵᠠᠰᠠᠬᠤ ᠠᠵᠢᠯ | ᠢ ᠴᠢᠩᠭ᠎ᠠ ᠪᠤᠳᠠᠳᠠᠢ ᠨᠠᠷᠢᠨ ᠰᠠᠶᠢᠳᠤᠷ ᠠᠳᠬᠤᠵᠤ᠂ ᠲᠡᠭᠡᠳᠤ ᠱᠠᠳᠤ ᠨᠢ ᠲᠤᠤᠷᠠᠳᠤ ᠱᠠᠳᠤ ᠪᠠᠨ ᠲᠠᠭᠠᠭᠤᠯᠬᠤ ᠶᠢ | ᠪᠠᠷᠢᠮᠳᠠᠯᠠᠵᠤ᠂ ᠪᠦᠬᠦ ᠲᠠᠯ᠎ᠠ ᠪᠠᠷ ᠪᠠᠶᠢᠴᠠᠭᠠᠨ ᠦᠵᠡᠵᠤ᠂ ᠴᠢᠩᠭ᠎ᠠ ᠬᠢᠨᠠᠨ ᠬᠠᠷᠭᠤᠭᠤᠯᠵᠤ ᠪᠤᠭᠤᠮᠳᠠ ᠶᠢ ᠰᠠᠬᠢᠵᠤ᠂ | ᠰᠤᠷᠤᠯᠴᠠᠯᠭ᠎ᠠ ᠬᠦᠮᠤᠵᠢᠯ ᠢ ᠭᠦᠨᠵᠡᠬᠡᠶᠢᠷᠡᠬᠦᠯᠤᠨ ᠪᠤᠳᠠᠳᠠᠶᠢᠵᠢᠭᠤᠯᠬᠤ ᠶᠢ ᠤᠯᠠᠮ ᠨᠢᠭᠡ ᠠᠯᠬᠤᠮ ᠠᠬᠢᠭᠤᠯᠬᠤ | ᠬᠡᠷᠡᠭᠳᠡᠢ᠃ ᠨᠠᠮ ᠤᠨ ᠰᠤᠷᠳᠠᠯ ᠵᠠᠰᠠᠭ ᠤᠨ ᠰᠤᠷᠳᠠᠯ ᠨᠡᠶᠢᠭᠡᠮ ᠤᠨ ᠰᠤᠷᠳᠠᠯ ᠠᠷᠠᠳ ᠤᠨ ᠰᠤᠷᠳᠠᠯ ᠢ ᠴᠦᠬᠦᠷᠡᠰᠢ | ᠦᠭᠡᠢ ᠰᠢᠯᠢᠳᠡᠭᠵᠢᠬᠦᠯᠵᠤ᠂ ᠡᠯ᠎ᠠ ᠱᠠᠳᠤᠨ ᠤ ᠬᠠᠷᠢᠭᠤᠴᠠᠯᠭ᠎ᠠ ᠶᠢ ᠴᠢᠩᠭ᠎ᠠ ᠪᠤᠳᠠᠳᠠᠶᠢᠵᠢᠭᠤᠯᠵᠤ᠂ ᠭᠠᠵᠢᠭᠤ | ᠰᠤᠷᠳᠠᠯ ᠢ ᠦᠷᠬᠦᠯᠵᠢᠯᠡᠨ ᠵᠠᠰᠠᠨ ᠵᠠᠯᠠᠷᠠᠭᠤᠯᠵᠤ᠂ ᠡᠷᠭᠡ ᠪᠤᠯᠤᠨ ᠬᠠᠷᠢᠭᠤᠴᠠᠯᠭ᠎ᠠ᠂ ᠨᠡᠶᠢᠳᠡ ᠶᠢᠨ ᠪᠠ ᠬᠤᠪᠢ ᠶᠢᠨ᠂ | ᠰᠡᠳᠬᠢᠯᠭᠡ ᠪᠤᠯᠤᠨ ᠶᠤᠰᠤ ᠶᠢᠨ ᠬᠠᠷᠢᠴᠠᠭ᠎ᠠ ᠶᠢ ᠵᠦᠪ ᠰᠢᠢᠳᠪᠤᠷᠢᠯᠡᠨ᠂ ᠨᠤᠮᠤᠬᠠᠨ ᠰᠢᠳᠤᠷᠭᠤ ᠪᠠᠷ ᠬᠦᠮᠤᠨ | ᠪᠤᠯᠵᠤ᠂ ᠯᠠᠪᠳᠠᠭᠤᠨ ᠪᠠᠳᠤᠳᠠᠢ ᠠᠵᠢᠯᠯᠠᠨ᠂ ᠠᠷᠢᠭᠤᠨ ᠴᠢᠭᠡᠴᠢ ᠪᠠᠷ ᠨᠤᠶᠠᠨ ᠰᠠᠭᠤᠵᠤ᠂ ᠦᠨᠳᠤᠰᠤᠨ ᠱᠠᠳᠤᠨ ᠤ | ᠲᠠᠷᠤᠭᠠᠰᠤ ᠶᠢ ᠦᠷᠬᠦᠯᠵᠢᠯᠡᠨ ᠬᠦᠩᠭᠡᠷᠡᠬᠦᠯᠤᠨ᠂ ᠺᠠᠳ᠋ᠷᠴᠤᠳ ᠤᠨ ᠬᠠᠷᠢᠭᠤᠴᠠᠯᠭ᠎ᠠ ᠡᠬᠦᠷᠭᠡᠯᠡᠨ ᠵᠢᠳᠬᠦᠯ | ᠴᠢᠷᠮᠠᠶᠢᠯᠭ᠎ᠠ ᠭᠠᠷᠭᠠᠬᠤ ᠶᠢ ᠵᠤᠷᠢᠬᠵᠢᠭᠤᠯᠤᠨ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠳᠠᠢ | ᠬᠦᠭᠵᠢᠯᠳᠡ ᠶᠢ ᠰᠠᠶᠢᠳᠤᠷ ᠠᠬᠢᠭᠤᠯᠬᠤ ᠬᠡᠷᠡᠭᠳᠡᠢ ᠭᠡᠵᠠᠢ᠃ | ᠡᠯ᠎ᠠ ᠰᠤᠮᠤ ᠰᠢᠶᠠᠩ ᠪᠠᠯᠭᠠᠰᠤ ︵ᠲᠦᠪ︶᠂ ᠬᠤᠰᠢᠭᠤᠨ ᠤ ᠨᠠᠮ ᠤᠨ ᠬᠤᠷᠢᠶ᠎ᠡ ᠶᠢᠨ ᠡᠯ᠎ᠡ ᠬᠡᠯᠳᠡᠰ ᠵᠦᠪᠯᠡᠯ | ᠂ ᠬᠤᠰᠢᠭᠤᠨ ᠤ ᠰᠢᠭᠤᠳ ᠬᠠᠷᠢᠶ᠎ᠠ ᠡᠯ᠎ᠠ ᠵᠦᠪᠯᠡᠯ ᠠᠯᠪᠠᠨ ᠭᠡᠷ ᠲᠤᠪᠴᠢᠶ᠎ᠠ᠂ ᠡᠯ᠎ᠠ ᠠᠷᠠᠳ ᠤᠨ ᠪᠦᠯᠬᠦᠮ᠂ ᠡᠯ᠎ᠠ | ᠤᠯᠤᠰ ᠤᠨ ᠦᠮᠴᠢᠯᠠᠯᠳᠤ ᠠᠵᠤ ᠠᠬᠤᠢ᠂ ᠬᠤᠰᠢᠭᠤᠨ ᠤ ᠨᠠᠮ ᠤᠨ ᠬᠤᠷᠢᠶᠡᠨ ᠤ ᠨᠠᠮ ᠤᠨ ᠰᠤᠷᠭᠠᠭᠤᠯᠢ ᠵᠡᠷᠭᠡ | ᠳᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠪᠠ᠃ |